ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯ ᠤᠨ ᠨᠡᠩ ᠦᠨᠳᠦᠷ ᠬᠢᠷᠢ ᠲᠦᠪᠰᠢᠨ ᠪᠦᠬᠦᠢ | ᠬᠦᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠪᠡᠶ᠎ᠡ ᠴᠢᠬᠢᠷᠠᠭᠵᠢᠭᠤᠯᠬᠤ ᠪᠠ ᠡᠷᠡᠭᠦᠯ ᠴᠢᠬᠢᠷᠠᠭ ᠤᠨ | ᠬᠡᠷᠡᠭᠴᠡᠭᠡ ᠶᠢ ᠨᠡᠩ ᠰᠠᠶᠢᠨ ᠬᠠᠩᠭᠠᠵᠤ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ | ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠯ᠎ᠡ ᠦᠨᠳᠦᠰᠦᠲᠡᠨ ᠤ ᠠᠷᠠᠳ ᠲᠦᠮᠡᠨ ᠤ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠬᠤ ᠶᠢᠨ ᠲᠦᠯᠦᠭᠡ᠂ 6 ᠰᠠᠷ᠎ᠠ ᠶᠢᠨ 14 ᠤ ᠡᠳᠦᠷ᠂ ᠬᠦᠪᠡᠬᠡᠳᠣ ᠰᠢᠷ᠎ᠡ ᠬᠤᠰᠢᠭᠤᠨ ᠤ ᠪᠠᠶᠠᠨᠲᠠᠯ᠎ᠠ | ᠪᠠᠯᠭᠠᠰᠤ ᠠᠩᠬᠠᠳᠣᠭᠠᠷ ᠬᠤᠭᠤᠴᠠᠭᠠᠨ ᠤ ︽ᠨᠢᠬᠡᠳᠣᠭ᠍ᠰᠠᠨ ᠰᠡᠳᠬᠢᠯ ᠬᠤᠨᠳᠠᠭᠠᠳᠣ︾ ᠪᠦᠬᠦ ᠠᠷᠠᠳ ᠤᠨ ᠪᠠᠶ᠎ᠠ | ᠴᠢᠬᠢᠷᠠᠬᠵᠢᠭᠤᠯᠬᠤ ᠲᠠᠮᠢᠷ ᠤᠨ ᠴᠣᠬᠯᠠᠭᠠᠨ ᠢ ᠡᠷᠬᠢᠯᠡᠨ ᠶᠠᠪᠣᠬᠳᠠᠭᠤᠯᠵᠣ᠂ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷᠲᠤ᠂ ᠵᠠᠰᠠᠭ ᠤᠨ | ᠣᠷᠳᠣᠨ ᠤ ᠳᠡᠳ᠋ ᠬᠤᠰᠢᠭᠤ ᠳᠠᠷᠤᠭ᠎ᠠ ᠤᠶᠤᠨᠲᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠲᠡᠭᠰᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ | ᠣᠷᠣᠯᠴᠠᠵᠤ᠂ ᠪᠠᠶᠠᠨᠲᠠᠯ᠎ᠠ ᠪᠠᠯᠭᠠᠰᠤᠨ ᠤ ᠡᠯ᠎ᠡ ᠠᠯᠪᠠᠨ ᠬᠡᠷ᠂ ᠲᠥᠪ᠂ ᠲᠣᠪᠴᠢᠶ᠎ᠠ᠂ ᠭᠠᠵᠠᠷ᠂ ᠬᠤᠷᠢᠶ᠎ᠠ᠂ ᠡᠯ᠎ᠡ | ᠭᠠᠴᠠᠭ᠎ᠠ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠮᠠᠯᠴᠢᠳ ᠤᠨ ᠲᠥᠯᠥᠭᠡᠯᠡᠭᠴᠢ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠳᠠ ᠶᠢᠨ ᠶᠣᠰᠣᠯᠡᠯ ᠲᠡᠬᠡᠷ᠎ᠡ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ | ᠬᠥᠭᠵᠢᠮ ᠤᠨ ᠠᠶ᠎ᠠ ᠶᠢ ᠳᠠᠭᠠᠯᠳᠤᠨ᠂ ᠤᠯᠤᠰ ᠤᠨ ᠲᠤᠭ ᠤᠨ ᠵᠢᠭᠰᠠᠭᠠᠯ᠂ ᠰᠦᠯᠳᠠ ᠶᠢᠨ ᠵᠢᠭᠰᠠᠭᠠᠯ᠂ | ᠬᠢᠨᠠᠭᠴᠢ ᠶᠢᠨ ᠡᠩᠨᠡᠭᠡ ᠵᠢᠴᠢ ᠪᠥᠬᠦ ᠪᠠᠯᠭᠠᠰᠤᠨ ᠤ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠵᠢᠴᠢ ᠭᠠᠴᠠᠭᠠᠨ ᠤ ᠲᠥᠯᠥᠭᠡᠯᠡᠭᠴᠢᠳ ᠤᠨ ᠠᠩᠭᠢ ᠵᠡᠷᠬᠡ ᠨᠡᠶᠢᠲᠡ 35 ᠲᠥᠯᠥᠭᠡᠯᠡᠭᠴᠢᠳ ᠤᠨ ᠠᠩᠭᠢ | ᠡᠮᠬᠢ ᠵᠢᠷᠣᠮ ᠲᠠᠢ ᠪᠠᠷ ᠲᠡᠷᠢᠭᠦᠯᠡᠭᠴᠢ ᠶᠢᠨ ᠲᠠᠶᠢᠰᠠᠨ ᠪᠠᠷ ᠦᠩᠬᠡᠷᠡᠵᠣ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠪᠠ ᠴᠤᠭ ᠵᠢᠪᠬᠤᠭ᠎ᠠ ᠶᠢ ᠢᠯᠡᠷᠡᠬᠦᠯᠣᠭ᠍ᠰᠠᠨ ᠪᠠᠶᠢᠨ᠎ᠠ᠃ | | ᠲᠠᠯᠠᠪᠠᠢ ᠳᠤ ᠣᠷᠣᠬᠤ ᠶᠣᠰᠣᠯᠠᠯ ᠤᠨ ᠲᠠᠷᠠᠭ᠎ᠠ᠂ ᠤᠯᠤᠰ ᠤᠨ ᠲᠤᠭ ᠮᠠᠨᠳᠤᠭᠤᠯᠬᠤ ᠶᠣᠰᠣᠯᠠᠯ | ᠶᠠᠪᠣᠬᠳᠠᠭᠤᠯᠵᠣ᠂ ᠲᠤᠬᠠᠢ ᠶᠢᠨ ᠲᠠᠯᠠᠪᠠᠢ ᠳᠤ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠲᠠᠭᠤᠯᠠᠵᠣ᠂ ᠰᠦᠷ ᠵᠢᠪᠬᠤᠯᠠᠩᠲᠤ | ᠤᠯᠤᠰ ᠤᠨ ᠰᠦᠯᠳᠡ ᠲᠠᠭᠤᠨ ᠤ ᠠᠶᠠᠰ ᠤᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃ | ᠲᠠᠷᠠᠭ᠎ᠠ ᠨᠢ᠂ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠲᠦᠮᠡᠨᠪᠠᠶᠠᠷ ᠠᠴᠠ ᠡᠬᠢᠯᠡᠯᠲᠡ ᠶᠢᠨ ᠦᠭᠡ ᠬᠡᠯᠡᠵᠣ᠂ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠬᠠᠰᠴᠡᠴᠡᠭ ᠠᠴᠠ ᠠᠩᠬᠠᠳᠣᠭᠠᠷ ᠬᠤᠭᠤᠴᠠᠭᠠᠨ ᠤ ︽ᠨᠢᠬᠡᠳᠣᠭ᠍ᠰᠠᠨ ᠰᠡᠳᠬᠢᠯ ᠬᠤᠨᠳᠠᠭᠠᠳᠣ︾ ᠪᠦᠬᠦ ᠠᠷᠠᠳ ᠤᠨ | ᠪᠠᠶ᠎ᠠ ᠴᠢᠬᠢᠷᠠᠬᠵᠢᠭᠤᠯᠬᠤ ᠲᠠᠮᠢᠷ ᠤᠨ ᠴᠣᠬᠯᠠᠭᠠᠨ ᠡᠬᠢᠯᠡᠭᠰᠡᠨ ᠢ ᠵᠠᠷᠯᠠᠪᠠ᠃ ᠲᠠᠮᠢᠷᠴᠢᠳ ᠤᠨ ᠲᠥᠯᠥᠭᠡᠯᠡᠭᠴᠢ | ᠪᠣᠯᠤᠨ ᠬᠢᠨᠠᠭᠴᠢ ᠶᠢᠨ ᠲᠥᠯᠥᠭᠡᠯᠡᠭᠴᠢ ᠠᠴᠠ ᠲᠣᠰᠪᠣᠷᠢ ᠲᠠᠩᠭᠠᠷᠢᠬᠯᠠᠵᠣ᠂ ᠡᠬᠢᠯᠡᠯᠲᠡ ᠶᠢᠨ ᠶᠣᠰᠣᠯᠠᠯ ᠨᠢ | ᠤᠯᠠᠭᠠᠨᠮᠥ᠋ᠴᠢᠷ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠲᠣᠮᠳᠠ ᠦᠨᠳᠣᠷᠯᠡᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠮᠢᠷ ᠤᠨ ᠴᠤᠭᠯᠠᠭᠠᠨ ᠳᠤ ᠡᠷᠡᠭᠲᠡᠶ᠂ ᠡᠮᠡᠭᠲᠡᠶ ᠶᠢᠨ 100 | ᠮᠧᠲᠷ᠂ 200ᠮᠧᠲᠷ᠂ ᠡᠮᠡᠭᠲᠡᠶ ᠶᠢᠨ 800 ᠮᠧᠲᠷ᠂ ᠡᠷᠡᠭᠲᠡᠶ ᠶᠢᠨ 1500 ᠮᠧᠲᠷ ᠪᠠ ᠡᠷᠡᠭᠲᠡᠶ᠂ ᠡᠮᠡᠭᠲᠡᠶ ᠶᠢᠨ | ᠬᠦᠴᠣᠨ ᠵᠠᠯᠭᠠᠬᠤ ᠣᠷᠣᠯᠳᠣᠭᠠᠨ ᠵᠡᠷᠬᠡ ᠬᠦᠶᠣᠬᠦ ᠣᠷᠣᠯᠳᠣᠭᠠᠨ ᠢ ᠲᠣᠬᠢᠷᠠᠭᠤᠯᠣᠬᠰᠠᠨ ᠠᠴᠠ ᠭᠠᠳᠠᠨ᠎ᠠ ᠂ ᠡᠷᠡᠭᠲᠡᠶ | ᠂ ᠡᠮᠡᠭᠲᠡᠶ ᠶᠢᠨ ᠲᠣᠭᠤᠯᠭᠠᠨ ᠪᠥᠮᠪᠦᠭᠡ ᠰᠢᠳᠠᠬᠦ᠂ ᠬᠤᠯᠠ ᠬᠠᠷᠠᠶᠢᠯᠲᠠ ᠵᠢᠴᠢ ᠬᠠᠮᠲᠤ ᠪᠠᠷ ᠳᠡᠭᠡᠰᠦ ᠲᠠᠲᠠᠬᠤ᠂ | ᠳᠡᠭᠡᠰᠦ ᠦᠰᠦᠷᠬᠦ ᠪᠣᠯᠣᠨ ᠰᠣᠨᠢᠷᠬᠠᠯᠲᠤ ᠬᠥᠳᠡᠯᠭᠡᠭᠡᠨ ᠵᠡᠷᠭᠡ ᠣᠯᠠᠨ ᠡᠰᠢᠲᠦ ᠪᠡᠶ᠎ᠡ ᠶᠢᠨ ᠲᠠᠮᠢᠷ ᠤᠨ ᠰᠣᠶᠣᠯ ᠤᠨ | ᠰᠣᠯᠢᠯᠴᠠᠭᠠᠨ ᠤ ᠬᠥᠳᠡᠯᠭᠡᠭᠡᠨ ᠢ ᠲᠣᠬᠢᠷᠠᠭᠤᠯᠪᠠ᠃ ᠲᠣᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠪᠣᠯ | ᠪᠠᠶᠠᠨᠲᠠᠯ᠎ᠠ ᠪᠠᠯᠭᠠᠰᠤᠨ ᠤ ᠥᠨᠳᠥᠷ ᠲᠦᠪᠰᠢᠨ ᠪᠥᠬᠦᠶ ᠠᠷᠠᠳ ᠲᠦᠮᠡᠨ ᠤ ᠪᠦᠯᠬᠦᠮᠳᠡᠯ ᠳᠠᠪᠰᠢᠯᠲᠠ᠂ ᠥᠷᠨᠢᠨ | ᠬᠥᠭᠵᠢᠵᠦ᠂ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠴᠤᠭ ᠵᠢᠪᠬᠤᠭ᠎ᠠ ᠶᠢ ᠲᠥᠪᠯᠡᠷᠡᠭᠦᠯᠦᠨ ᠢᠯᠡᠷᠡᠭᠦᠯᠬᠦ ᠲᠣᠮᠣ | ᠲᠠᠪᠴᠠᠩ ᠮᠥᠨ︔ ᠨᠠᠩ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ | ᠠᠮᠢᠳᠤᠯᠢᠭ ᠢᠯᠡᠷᠡᠯ ᠮᠥᠨ᠂ ᠨᠢᠭᠡ ᠰᠡᠳᠬᠢᠯ ᠢᠶᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ | ᠮᠡᠲᠦ ᠳᠣᠲᠣᠨᠣ︾ ᠰᠠᠶᠢᠨ ᠰᠠᠶᠢᠬᠠᠨ ᠵᠢᠷᠤᠭ ᠢ ᠵᠢᠷᠤᠭᠯᠠᠭᠰᠠᠨ ᠪᠠᠶᠢᠨ᠎ᠠ᠃ |