ᠪᠠᠶᠠᠨᠳᠠᠯ᠎ᠠ ᠪᠠᠯᠭᠠᠰᠣᠨ ᠤ ᠠᠩᠬᠠᠳᠣᠭᠠᠷ ᠬᠤᠭᠤᠴᠠᠭᠠᠨ ᠤ ︽ᠨᠢᠬᠡᠳᠣᠭ᠍ᠰᠠᠨ ᠰᠡᠳᠬᠢᠯ ᠬᠤᠨᠳᠠᠭᠠᠳᠣ︾ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠲᠠᠮᠢᠷ ᠤᠨ ᠴᠣᠬᠯᠠᠭᠠᠨ ᠦᠪᠡᠭᠳᠡᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2024/6/17
     ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯ ᠤᠨ ᠨᠡᠩ ᠦᠨᠳᠦᠷ ᠬᠢᠷᠢ ᠲᠦᠪᠰᠢᠨ ᠪᠦᠬᠦᠢ ᠬᠦᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠪᠡᠶ᠎ᠡ ᠴᠢᠬᠢᠷᠠᠭᠵᠢᠭᠤᠯᠬᠤ ᠪᠠ ᠡᠷᠡᠭᠦᠯ ᠴᠢᠬᠢᠷᠠᠭ ᠤᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠯ᠎ᠡ ᠦᠨᠳᠦᠰᠦᠲᠡᠨ ᠤ ᠠᠷᠠᠳ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ 6 ᠰᠠᠷ᠎ᠠ ᠶᠢᠨ 14᠎ ᠤ ᠡᠳᠦᠷ᠂ ᠬᠦᠪᠡᠬᠡᠳᠣ ᠰᠢᠷ᠎ᠡ ᠬᠤᠰᠢᠭᠤᠨ ᠤ ᠪᠠᠶᠠᠨᠲᠠᠯ᠎ᠠ ᠪᠠᠯᠭᠠᠰᠤ ᠠᠩᠬᠠᠳᠣᠭᠠᠷ ᠬᠤᠭᠤᠴᠠᠭᠠᠨ ᠤ ︽ᠨᠢᠬᠡᠳᠣᠭ᠍ᠰᠠᠨ ᠰᠡᠳᠬᠢᠯ ᠬᠤᠨᠳᠠᠭᠠᠳᠣ︾ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠲᠠᠮᠢᠷ ᠤᠨ ᠴᠣᠬᠯᠠᠭᠠᠨ ᠢ ᠡᠷᠬᠢᠯᠡᠨ ᠶᠠᠪᠣᠬᠳᠠᠭᠤᠯᠵᠣ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷᠲᠤ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠤᠶᠤᠨᠲᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠭᠰᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠠᠶᠠᠨᠲᠠᠯ᠎ᠠ ᠪᠠᠯᠭᠠᠰᠤᠨ ᠤ ᠡᠯ᠎ᠡ ᠠᠯᠪᠠᠨ ᠬᠡᠷ᠂ ᠲᠥᠪ᠂ ᠲᠣᠪᠴᠢᠶ᠎ᠠ᠂ ᠭᠠᠵᠠᠷ᠂ ᠬᠤᠷᠢᠶ᠎ᠠ᠂ ᠡᠯ᠎ᠡ ᠭᠠᠴᠠᠭ᠎ᠠ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠮᠠᠯᠴᠢᠳ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠡᠬᠢᠯᠡᠯᠳᠠ ᠶᠢᠨ ᠶᠣᠰᠣᠯᠡᠯ ᠲᠡᠬᠡᠷ᠎ᠡ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠬᠥᠭᠵᠢᠮ ᠤᠨ ᠠᠶ᠎ᠠ ᠶᠢ ᠳᠠᠭᠠᠯᠳᠤᠨ᠂ ᠤᠯᠤᠰ ᠤᠨ ᠲᠤᠭ ᠤᠨ ᠵᠢᠭᠰᠠᠭᠠᠯ᠂ ᠰᠦᠯᠳᠠ ᠶᠢᠨ ᠵᠢᠭᠰᠠᠭᠠᠯ᠂ ᠬᠢᠨᠠᠭᠴᠢ ᠶᠢᠨ ᠡᠩᠨᠡᠭᠡ ᠵᠢᠴᠢ ᠪᠥᠬᠦ ᠪᠠᠯᠭᠠᠰᠤᠨ ᠤ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠭᠠᠴᠠᠭᠠᠨ ᠤ ᠲᠥᠯᠥᠭᠡᠯᠡᠭᠴᠢᠳ ᠤᠨ ᠠᠩᠭᠢ ᠵᠡᠷᠬᠡ ᠨᠡᠶᠢᠲᠡ 35 ᠲᠥᠯᠥᠭᠡᠯᠡᠭᠴᠢᠳ ᠤᠨ ᠠᠩᠭᠢ ᠡᠮᠬᠢ ᠵᠢᠷᠣᠮ ᠲᠠᠢ ᠪᠠᠷ ᠲᠡᠷᠢᠭᠦᠯᠡᠭᠴᠢ ᠶᠢᠨ ᠲᠠᠶᠢᠰᠠᠨ ᠪᠠᠷ ᠦᠩᠬᠡᠷᠡᠵᠣ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠪᠠ ᠴᠤᠭ ᠵᠢᠪᠬᠤᠭ᠎ᠠ ᠶᠢ ᠢᠯᠡᠷᠡᠬᠦᠯᠣᠭ᠍ᠰᠠᠨ ᠪᠠᠶᠢᠨ᠎ᠠ᠃      ᠲᠠᠯᠠᠪᠠᠢ ᠳᠤ ᠣᠷᠣᠬᠤ ᠶᠣᠰᠣᠯᠠᠯ ᠤᠨ ᠲᠠᠷᠠᠭ᠎ᠠ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠣᠬᠳᠠᠭᠤᠯᠵᠣ᠂ ᠲᠤᠬᠠᠢ ᠶᠢᠨ ᠲᠠᠯᠠᠪᠠᠢ ᠳᠤ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠲᠠᠭᠤᠯᠠᠵᠣ᠂ ᠰᠦᠷ ᠵᠢᠪᠬᠤᠯᠠᠩᠲᠤ ᠤᠯᠤᠰ ᠤᠨ ᠰᠦᠯᠳᠡ ᠲᠠᠭᠤᠨ ᠤ ᠠᠶᠠᠰ ᠤᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠪᠠ᠃ᠲᠠᠷᠠᠭ᠎ᠠ ᠨᠢ᠂ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠲᠦᠮᠡᠨᠪᠠᠶᠠᠷ ᠎ ᠠᠴᠠ ᠡᠬᠢᠯᠡᠯᠲᠡ ᠶᠢᠨ ᠦᠭᠡ ᠬᠡᠯᠡᠵᠣ᠂ ᠪᠠᠶᠠᠨᠲᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠠᠰᠴᠡᠴᠡᠭ ᠎ ᠠᠴᠠ ᠠᠩᠬᠠᠳᠣᠭᠠᠷ ᠬᠤᠭᠤᠴᠠᠭᠠᠨ ᠤ ︽ᠨᠢᠬᠡᠳᠣᠭ᠍ᠰᠠᠨ ᠰᠡᠳᠬᠢᠯ ᠬᠤᠨᠳᠠᠭᠠᠳᠣ︾ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠲᠠᠮᠢᠷ ᠤᠨ ᠴᠣᠬᠯᠠᠭᠠᠨ ᠡᠬᠢᠯᠡᠭᠰᠡᠨ ᠢ ᠵᠠᠷᠯᠠᠪᠠ᠃ ᠲᠠᠮᠢᠷᠴᠢᠳ ᠤᠨ ᠲᠥᠯᠥᠭᠡᠯᠡᠭᠴᠢ ᠪᠣᠯᠤᠨ ᠬᠢᠨᠠᠭᠴᠢ ᠶᠢᠨ ᠲᠥᠯᠥᠭᠡᠯᠡᠭᠴᠢ ᠠᠴᠠ ᠲᠣᠰᠪᠣᠷᠢ ᠲᠠᠩᠭᠠᠷᠢᠬᠯᠠᠵᠣ᠂ ᠡᠬᠢᠯᠡᠯᠲᠡ ᠶᠢᠨ ᠶᠣᠰᠣᠯᠠᠯ ᠨᠢ ᠤᠯᠠᠭᠠᠨᠮᠥ᠋ᠴᠢᠷ ᠤᠨ  ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠲᠣᠮᠳᠠ ᠦᠨᠳᠣᠷᠯᠡᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠲᠠᠮᠢᠷ ᠤᠨ ᠴᠤᠭᠯᠠᠭᠠᠨ ᠳᠤ ᠡᠷᠡᠭᠲᠡᠶ᠂ ᠡᠮᠡᠭᠲᠡᠶ ᠶᠢᠨ 100 ᠮᠧᠲᠷ᠂ 200ᠮᠧᠲᠷ᠂ ᠡᠮᠡᠭᠲᠡᠶ ᠶᠢᠨ 800 ᠮᠧᠲᠷ᠂ ᠡᠷᠡᠭᠲᠡᠶ ᠶᠢᠨ 1500 ᠮᠧᠲᠷ ᠪᠠ ᠡᠷᠡᠭᠲᠡᠶ᠂ ᠡᠮᠡᠭᠲᠡᠶ ᠶᠢᠨ ᠬᠦᠴᠣᠨ ᠵᠠᠯᠭᠠᠬᠤ ᠣᠷᠣᠯᠳᠣᠭᠠᠨ ᠵᠡᠷᠬᠡ ᠬᠦᠶᠣᠬᠦ ᠣᠷᠣᠯᠳᠣᠭᠠᠨ ᠢ ᠲᠣᠬᠢᠷᠠᠭᠤᠯᠣᠬᠰᠠᠨ ᠠᠴᠠ ᠭᠠᠳᠠᠨ᠎ᠠ ᠂ ᠡᠷᠡᠭᠲᠡᠶ ᠂ ᠡᠮᠡᠭᠲᠡᠶ ᠶᠢᠨ ᠲᠣᠭᠤᠯᠭᠠᠨ ᠪᠥᠮᠪᠦᠭᠡ ᠰᠢᠳᠠᠬᠦ᠂ ᠬᠤᠯᠠ ᠬᠠᠷᠠᠶᠢᠯᠲᠠ ᠵᠢᠴᠢ ᠬᠠᠮᠲᠤ ᠪᠠᠷ ᠳᠡᠭᠡᠰᠦ ᠲᠠᠲᠠᠬᠤ᠂ ᠳᠡᠭᠡᠰᠦ ᠦᠰᠦᠷᠬᠦ ᠪᠣᠯᠣᠨ ᠰᠣᠨᠢᠷᠬᠠᠯᠲᠤ ᠬᠥᠳᠡᠯᠭᠡᠭᠡᠨ ᠵᠡᠷᠭᠡ ᠣᠯᠠᠨ ᠡᠰᠢᠲᠦ ᠪᠡᠶ᠎ᠡ ᠶᠢᠨ ᠲᠠᠮᠢᠷ ᠤᠨ ᠰᠣᠶᠣᠯ ᠤᠨ ᠰᠣᠯᠢᠯᠴᠠᠭᠠᠨ ᠤ ᠬᠥᠳᠡᠯᠭᠡᠭᠡᠨ ᠢ ᠲᠣᠬᠢᠷᠠᠭᠤᠯᠪᠠ᠃ ᠲᠣᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠪᠣᠯ ᠪᠠᠶᠠᠨᠲᠠᠯ᠎ᠠ ᠪᠠᠯᠭᠠᠰᠤᠨ ᠤ ᠥᠨᠳᠥᠷ ᠲᠦᠪᠰᠢᠨ ᠪᠥᠬᠦᠶ ᠠᠷᠠᠳ ᠲᠦᠮᠡᠨ ᠤ ᠪᠦᠯᠬᠦᠮᠳᠡᠯ ᠳᠠᠪᠰᠢᠯᠲᠠ᠂ ᠥᠷᠨᠢᠨ ᠬᠥᠭᠵᠢᠵᠦ᠂ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ ᠤ ᠴᠤᠭ ᠵᠢᠪᠬᠤᠭ᠎ᠠ ᠶᠢ ᠲᠥᠪᠯᠡᠷᠡᠭᠦᠯᠦᠨ ᠢᠯᠡᠷᠡᠭᠦᠯᠬᠦ ᠲᠣᠮᠣ ᠲᠠᠪᠴᠠᠩ ᠮᠥᠨ︔ ᠨᠠᠩ ᠴᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠮᠢᠳᠤᠯᠢᠭ ᠢᠯᠡᠷᠡᠯ ᠮᠥᠨ᠂ ᠨᠢᠭᠡ ᠰᠡᠳᠬᠢᠯ ᠢᠶᠠᠷ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ ᠮᠡᠲᠦ ᠳᠣᠲᠣᠨᠣ︾ ᠰᠠᠶᠢᠨ ᠰᠠᠶᠢᠬᠠᠨ ᠵᠢᠷᠤᠭ ᠢ ᠵᠢᠷᠤᠭᠯᠠᠭᠰᠠᠨ ᠪᠠᠶᠢᠨ᠎ᠠ᠃
 
ᠢᠷᠡᠯᠲᠡ᠄ ᠪᠠᠶᠠᠨᠳᠠᠯ᠎ᠠ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号