ᠬᠥᠪᠡᠭᠡᠲᠦ ᠰᠢᠷ᠎ᠠ ᠬᠤᠰᠢᠭᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠰᠠᠶᠢᠳᠦᠷ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2024/6/18
     ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ  ᠲᠤᠬᠢᠷᠠᠭᠤᠯᠤᠨ ᠨᠠᠷᠢᠯᠢᠭ ᠤᠨᠤᠪᠴᠢᠲᠡᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠭᠰᠠᠨ ᠢᠶᠠᠷ ᠪᠦᠬᠦ ᠬᠤᠰᠢᠭᠤᠨ ᠤ ᠠᠮᠢ ᠠᠬᠤᠶ ᠲᠤᠭᠳᠠᠭᠤᠨ ᠢᠶᠠᠷ  ᠰᠠᠶᠢᠵᠢᠷᠠᠭᠰᠠᠨ ᠪᠠᠶᠢᠨ᠎ᠠ᠃      6 ᠰᠠᠷ᠎ᠠ ᠶᠢᠨ 15᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠡᠯᠡᠰᠦ ᠶᠢ ᠵᠠᠰᠠᠬᠤ ᠲᠥᠷᠥᠯ ᠵᠦᠢᠯ ᠵᠢᠴᠢ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠠᠵᠢᠯ ᠡᠬᠢᠯᠡᠬᠦ ᠶᠣᠰᠣᠯᠠᠯ ᠬᠤᠰᠢᠭᠤᠨ ᠤ ᠤᠩᠭᠤᠨ ᠠᠭᠤᠯᠠ ᠰᠤᠮᠤᠨ ᠤ ᠬᠤᠶᠠᠷ ᠬᠤᠳᠳᠤᠭ ᠭᠠᠴᠠᠭᠠᠨ ᠳᠤ ᠶᠠᠪᠤᠭᠳᠠᠨ᠂ ᠤᠩᠭᠤᠨ ᠠᠭᠤᠯᠠ  ᠰᠤᠮᠤᠨ ᠤ ᠵᠣᠬᠢᠴᠠᠭᠤᠯᠬᠤ ᠳᠤᠭᠤᠶᠢᠯᠠᠩ᠂ 8 ᠬᠤᠷᠰᠢᠶᠠᠵᠢᠯ ᠤᠨ 68 ᠡᠷᠦᠬᠡ᠂ ᠣᠶ ᠰᠢᠭᠤᠶ ᠪᠠ  ᠨᠤᠳᠤᠭ ᠪᠡᠯᠴᠢᠭᠡᠷ ᠤᠨ ᠲᠣᠪᠴᠢᠶ᠎ᠠ ᠶᠢᠨ 5 ᠮᠡᠷᠭᠡᠵᠢᠯ ᠤᠨ ᠵᠢᠯᠣᠭᠤᠳᠬᠤ ᠳᠤᠭᠤᠶᠢᠯᠠᠩ᠂ ᠬᠢᠨᠠᠨ ᠬᠠᠮᠢᠶᠠᠷᠬᠤ ᠺᠣᠮᠫᠠᠨᠢ ᠶᠢᠨ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠡᠯᠡᠰᠦ ᠶᠢ ᠵᠠᠰᠠᠬᠤ ᠠᠵᠢᠯ  ᠪᠥᠬᠦ ᠲᠠᠯ᠎ᠠ ᠪᠠᠷ ᠡᠬᠢᠯᠡᠵᠡᠢ᠃      6 ᠰᠠᠷ᠎ᠠ ᠶᠢᠨ 14᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠳᠤᠭ ᠪᠡᠯᠴᠢᠭᠡᠷ ᠤᠨ ᠳᠤᠪᠴᠢᠶᠠᠨ ᠤ ᠠᠵᠢᠯᠲᠠᠳ ᠤᠩᠭᠤᠨ ᠠᠭᠤᠯᠠ ᠰᠤᠮᠤᠨ ᠳᠤ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ᠂ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠪᠣᠳᠠᠲᠠᠶ ᠠᠵᠢᠯ ᠢ ᠤᠷᠢᠳ ᠢᠶᠠᠷ ᠡᠬᠢᠯᠡᠭᠦᠯᠬᠦ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠤ ᠬᠠᠮᠳᠦ ᠠᠴᠢᠶᠠᠨ ᠤ ᠮᠠᠰᠢᠨ᠂ ᠬᠦᠷᠢᠶᠡᠨ ᠲᠤᠤᠷ᠂ ᠱᠦᠢᠨᠢ ᠪᠠᠭᠠᠨ᠎ᠠ ᠵᠡᠷᠭᠡ ᠮᠠᠰᠢᠨ ᠮᠠᠲ᠋ᠧᠷᠢᠶᠠᠯ ᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ ᠬᠤᠯᠪᠣᠭᠳᠠᠬᠤ ᠲᠥᠷᠥᠯ ᠵᠦᠢᠯ ᠤᠨ ᠲᠣᠭᠤᠷᠢᠭ ᠲᠤ ᠬᠦᠷᠭᠡᠵᠦ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠬᠦᠷᠢᠶ᠎ᠡ ᠬᠠᠰᠢᠶ᠎ᠠ ᠶᠢ ᠪᠢᠲᠡᠭᠦᠮᠵᠢᠯᠡᠬᠦ ᠠᠵᠢᠯ ᠢ ᠳᠠᠭᠤᠰᠬᠠᠬᠤ ᠪᠣᠯᠤᠨ᠎ᠠ᠃ ︽ᠥᠨᠥᠳᠦᠷ ᠮᠠᠨ ᠤ ᠮᠠᠯᠴᠢᠳ ᠤᠨ ᠵᠣᠬᠢᠶᠠᠨ ᠪᠠᠶᠢᠭᠤᠯᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠰᠢᠶ᠎ᠠ ᠡᠨᠡ ᠤᠳᠠᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ ᠠᠮᠢ ᠠᠬᠤᠢ ᠶᠢᠨ ᠣᠷᠴᠢᠨ ᠲᠣᠭᠤᠷᠢᠨ ᠤ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠬᠦ ᠪᠠᠷ ᠪᠤᠢ︔ ᠮᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠯᠠᠪᠲᠠᠢ ᠠᠮᠵᠢᠯᠲᠠ ᠣᠯᠵᠤ᠂ ᠮᠠᠯᠴᠢᠨ ᠲᠦᠮᠡᠨ ᠴᠦ ᠠᠰᠢᠭ  ᠬᠦᠷᠳᠡᠬᠦ ᠳᠤ ᠢᠳᠡᠭᠡᠯ ᠲᠠᠢ ᠪᠠᠶᠢᠨ᠎ᠠ︾ ᠭᠡᠵᠦ ᠤᠩᠭᠤᠨ ᠠᠭᠤᠯᠠ ᠰᠤᠮᠤᠨ ᠤ ᠪᠦᠷᠢᠳᠦ ᠨᠠᠭᠤᠷ ᠭᠠᠴᠠᠭᠠᠨ ᠤ ᠱᠦᠵᠢ ᠮᠠᠨᠳᠤᠬᠤ ᠶᠠᠷᠢᠯ᠎ᠠ᠃      ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤ ︽ᠭᠤᠤᠯᠳᠠᠯᠭ᠎ᠠ ᠶᠢ ᠳᠣᠪᠤᠶᠢᠯᠭᠠᠨ᠂ ᠪᠦᠬᠦᠯᠢ ᠴᠣᠭᠴᠠ ᠪᠠᠷ ᠨᠢ ᠠᠬᠢᠭᠤᠯᠵᠤ᠂ ᠣᠷᠣᠨ ᠬᠤᠪᠢᠶᠠᠨ ᠵᠠᠰᠠᠬᠤ︾ ᠵᠠᠷᠴᠢᠮ ᠶᠣᠰᠣᠭᠠᠷ᠂ 2024 ᠣᠨ ᠤ  ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠎ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ 3.6 ᠲᠦᠮᠡᠨ ᠮᠥ  ᠲᠥᠯᠥᠪᠯᠡᠵᠦ᠂ ᠤᠳᠤᠬᠠᠨ ᠳᠤ ᠠᠵᠢᠯ ᠤᠨ ᠵᠢᠷᠤᠭ ᠲᠥᠯᠥᠪᠯᠡᠭᠡ ᠨᠠᠶᠢᠷᠠᠭᠤᠯᠤᠨ ᠵᠣᠬᠢᠶᠠᠬᠤ᠂ ᠬᠡᠯᠡᠯᠴᠡᠭᠡᠷ ᠲᠣᠭᠲᠠᠬᠤ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠳᠤ ᠪᠥᠬᠦ ᠲᠠᠯ᠎ᠠ ᠪᠠᠷ ᠢᠯᠠᠯᠲᠠ ᠤᠯᠬᠤ ᠶᠢᠨ ᠲᠥᠯᠥᠭᠡ᠂ 2024 ᠣᠨ ᠳᠤ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠᠷ ᠲᠥᠯᠥᠪᠯᠡᠵᠦ᠂ ᠳᠡᠭᠡᠳᠦ ᠱᠠᠲᠤᠨ ᠤ ᠪᠠᠯᠠ ᠮᠥᠩᠭᠦ ᠥᠬᠡᠶ ᠪᠠᠷ 2.3 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠤᠷᠢᠳᠠᠪᠠᠷ ᠡᠬᠢᠯᠡᠭᠦᠯᠬᠦ ᠪᠠᠷ ᠪᠤᠢ᠂ ᠣᠳᠣᠬᠠᠨ ᠳᠤ ᠨᠢᠭᠡᠨᠲᠡ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ 0.15 ᠲᠦᠮᠡᠨ ᠮᠥ ᠪᠣᠳᠠ ᠮᠣᠳᠣᠨ ᠤ ᠲᠠᠷᠢᠮᠠᠯ ᠢ ᠪᠡᠶᠡᠯᠡᠭᠦᠯᠦᠭᠰᠡᠨ ᠪᠠᠶᠢᠨ᠎ᠠ᠃ 2023 ᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ 1.2 ᠲᠦᠮᠡᠨ ᠮᠥ  ᠪᠠᠶᠢᠵᠦ ᠣᠳᠣᠬᠠᠨ ᠳᠤ ᠨᠢᠭᠡᠨᠲᠡ 0.3 ᠲᠦᠮᠡᠨ ᠮᠥ ᠶᠢᠨ ᠡᠭᠦᠷᠭᠡ ᠶᠢ ᠪᠡᠶᠡᠯᠡᠭᠦᠯᠵᠦ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠡᠪᠡᠰᠦ ᠲᠠᠷᠢᠵᠦ᠂ ᠶᠢᠰᠦᠳᠤᠭᠡᠷ ᠰᠠᠷ᠎ᠠ ᠶᠢᠨ ᠰᠡᠭᠦᠯᠴᠢ ᠪᠠᠷ ᠨᠠᠮᠤᠷ ᠤᠨ ᠤᠯᠠᠷᠢᠯ ᠤᠨ ᠣᠶᠢᠵᠢᠭᠤᠯᠬᠤ ᠠᠵᠢᠯ ᠢ ᠬᠡᠷᠡᠭᠵᠢᠭᠦᠯᠬᠦ ᠪᠠᠷ ᠪᠤᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号