ᠵᠣᠯ ᠵᠢᠷᠭᠠᠯᠠᠩᠳᠣ ᠬᠦᠷᠢᠶᠡᠯᠡᠩ ᠨᠠᠰᠣᠳᠠᠶᠢᠴᠣᠳ ᠢ ᠵᠢᠷᠭᠠᠭᠤᠯᠵᠤ ᠪᠣᠢ
ᠨᠡᠶᠢᠲᠡᠯᠡᠭᠰᠡᠨ ᠴᠠᠭ᠄
2024/6/18
     ᠬᠥᠳᠡᠭᠡ ᠲᠣᠰᠬᠤᠨ ᠤ ᠨᠠᠰᠤᠲᠠᠶᠢᠴᠤᠳ ᠢ ᠠᠰᠠᠷᠠᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠣᠷᠢᠯᠡᠬᠦ  ᠶᠢᠨ ᠲᠥᠯᠥᠭᠡ᠂ ᠣᠶᠢᠷ᠎ᠡ ᠶᠢᠨ ᠵᠢᠯ ᠳᠤ ᠬᠥᠪᠡᠭᠡᠲᠦ ᠰᠢᠷ᠎ᠡ ᠬᠤᠰᠢᠭᠤ ᠬᠥᠳᠡᠭᠡ ᠲᠣᠰᠬᠤᠨ ᠤ  ᠨᠠᠰᠤᠲᠠᠶᠢᠴᠤᠳ ᠢ ᠠᠰᠠᠷᠠᠬᠤ ᠰᠢᠨ᠎ᠠ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠣ᠂ ᠵᠢᠷᠭᠤᠭᠠᠨ ᠲᠠᠷᠢᠶᠠᠯᠠᠬᠤ ᠭᠠᠴᠠᠭ᠎ᠠ ᠪᠤᠯᠭᠠᠨ  ᠳᠤ ᠨᠢᠭᠡ ︽ᠵᠣᠯ ᠵᠢᠷᠭᠠᠯᠠᠩᠳᠣ ᠬᠦᠷᠢᠶᠡᠯᠡᠩ︾ ᠪᠠᠶᠢᠭᠤᠯᠵᠤ᠂ ᠨᠠᠰᠤᠲᠠᠶᠢᠴᠤᠳ ᠢ ᠰᠦᠢᠳᠬᠡᠯ ᠬᠤᠷᠢᠶᠠᠬᠤ ᠥᠬᠡᠶ ᠪᠠᠷ ᠰᠠᠭᠤᠯᠭᠠᠵᠤ᠂ ᠥᠲᠡᠯᠦᠭᠡ ᠨᠠᠰᠤ ᠪᠠᠨ ᠠᠮᠤᠷ ᠲᠠᠶᠢᠪᠤᠩ ᠦᠩᠬᠡᠷᠡᠬᠦᠯᠬᠦ ᠳᠤ ᠨᠢ ᠳᠦᠬᠦᠮ ᠳᠦᠳᠡ᠂ ᠰᠠᠶᠢᠨ ᠨᠦᠬᠦᠴᠡᠯ ᠢ ᠬᠠᠩᠭᠠᠵᠣ ᠦᠭᠬᠦᠭᠰᠠᠨ ᠪᠠᠶᠢᠨ᠎ᠠ᠃     ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠣᠮᠣᠨ ᠤ ᠲᠣᠯᠣᠭᠠᠢ ᠣᠰᠣ ᠭᠠᠴᠠᠭᠠᠨ ᠤ ᠵᠣᠯ ᠵᠢᠷᠭᠠᠯᠡᠩᠳᠣ ᠬᠦᠷᠢᠶᠡᠯᠡᠩ ᠳᠤ ᠬᠦᠷᠬᠦ ᠳᠤ᠂ ᠨᠠᠰᠣᠳᠠᠶᠢᠴᠣᠳ ᠬᠦᠷᠢᠶᠠᠨ ᠲᠣᠳᠣᠷ᠎ᠠ ᠪᠠᠨ ᠵᠣᠭᠤᠭ ᠲᠡᠯᠬᠡᠨ ᠬᠦᠭᠡᠷᠦᠯᠳᠦᠵᠤ ᠪᠠᠶᠢᠯ᠎ᠠ᠃ ᠬᠦᠷᠢᠶᠡᠨ ᠳᠤ ᠣᠷᠣᠬᠤ ᠳᠤ ᠡᠷᠦᠬᠡ ᠪᠠᠷ ᠨᠢᠭᠡᠴᠢ ᠪᠣᠯᠭᠠᠭᠰᠠᠨ 3 ᠮᠦᠷ ᠲᠣᠭᠤᠰᠬᠠᠨ ᠪᠠᠶᠢᠰᠢᠩ ᠵᠢᠭᠳᠡᠷᠡᠨ᠂ ᠬᠦᠷᠢᠶ᠎ᠡ ᠬᠠᠰᠢᠶ᠎ᠠ ᠴᠡᠪᠡᠷ ᠴᠡᠮᠴᠡᠭᠡᠷ ᠪᠠᠶᠢᠵᠤ᠂ ᠣᠳᠣ 11 ᠡᠷᠦᠬᠡ ᠶᠢᠨ 18 ᠬᠥᠮᠦᠨ ᠠᠵᠤ ᠲᠦᠷᠦᠵᠤ ᠪᠣᠢ᠃ ᠬᠡᠳᠦᠶᠢᠪᠡᠷ ᠡᠷᠦᠬᠡ ᠪᠦᠷᠢ ᠶᠢᠨ ᠲᠠᠯᠠᠪᠠᠢ 44 ᠲᠡᠭᠰᠢ ᠳᠥᠷᠪᠡᠯᠵᠢᠨ ᠮᠧᠲᠷ ᠪᠠᠶᠢᠭᠰᠠᠨ ᠴᠤ ᠳᠤᠬᠢᠯᠢᠭ ᠲᠠᠭᠠᠯᠠᠮᠵᠢᠲᠠᠢ ᠪᠠᠶᠢᠵᠤ᠂ ᠨᠠᠰᠤᠲᠠᠶᠢᠴᠤᠳ ᠤᠨ ᠠᠮᠢᠳᠤᠷᠠᠯ ᠤᠨ ᠱᠠᠭᠠᠷᠳᠠᠯᠭ᠎ᠠ ᠶᠢ ᠪᠦᠷᠢᠮᠰᠦᠨ ᠬᠠᠩᠭᠠᠵᠤ ᠴᠢᠳᠠᠳᠠᠭ ᠪᠠᠶᠢᠨ᠎ᠠ᠃ ︽ᠮᠠᠨ ᠤ ᠵᠣᠯ ᠵᠢᠷᠭᠠᠯᠠᠩᠳᠣ ᠬᠦᠷᠢᠶᠡᠯᠡᠩ ᠪᠤᠯ ᠵᠠᠰᠠᠭ ᠤᠨ ᠤᠷᠳᠤᠨ ᠠᠴᠠ 2016 ᠤᠨ ᠳᠤ ᠨᠠᠰᠣᠳᠠᠶᠢᠴᠣᠳ ᠲᠤ ᠰᠢᠨ᠎ᠡ ᠪᠠᠷ ᠪᠠᠶᠢᠭᠤᠯᠵᠣ ᠦᠭᠬᠦᠭᠰᠠᠨ ᠶᠣᠮ︔ ᠲᠤᠬᠠᠶ ᠶᠢᠨ ᠦᠶ᠎ᠡ ᠳᠤ ᠂ ᠨᠤᠷᠠᠬᠤ ᠠᠶᠤᠯᠲᠠᠶ ᠭᠡᠷ ᠪᠠᠶᠢᠰᠢᠩ ᠳᠤ ᠣᠯᠠᠨ ᠵᠢᠯ ᠰᠠᠭᠤᠭᠰᠠᠨ 60 ᠨᠠᠰᠣᠨ ᠠᠴᠠ ᠳᠡᠭᠡᠭᠰᠢᠬᠢ  ᠰᠠᠭᠤᠭᠠᠯᠢ ᠡᠷᠦᠬᠡ ᠳᠤ ᠪᠠᠷᠢᠵᠣ ᠦᠭᠪᠡ︔ 2021 ᠣᠨ ᠳᠤ ᠵᠠᠰᠠᠭ ᠤᠨ ᠣᠷᠳᠣᠨ ᠠᠴᠠ ᠪᠠᠰᠠ ᠡᠷᠦᠬᠡ ᠪᠦᠷᠢ ᠳᠤ ᠠᠭᠤᠵᠢᠮ ᠰᠠᠷᠠᠭᠤᠯ ᠮᠥᠷᠲᠡᠭᠡᠨ ᠨᠠᠷᠠᠪᠴᠢ ᠣᠬᠰᠠᠷᠠᠵᠣ ᠦᠭᠬᠦᠭᠰᠠᠨ ᠪᠦᠬᠡᠳ ᠬᠦᠷᠢᠶ᠎ᠡ ᠬᠠᠰᠢᠶ᠎ᠠ ᠶᠢ ᠴᠤ ᠬᠠᠳᠠᠷᠠᠭᠤᠯᠵᠣ ᠦᠭᠬᠦᠭᠰᠠᠨ ᠪᠠᠶᠢᠨ᠎ᠠ︔ ᠡᠬᠦᠨ ᠤ ᠬᠠᠮᠳᠣ᠂ ᠬᠤᠶᠠᠳᠤᠭᠠᠷ ᠮᠥᠷ ᠨᠠᠯᠠᠤᠴᠠ ᠶᠡᠭᠡ ᠲᠠᠢ ᠪᠣᠯᠬᠤᠷ ᠨᠠᠰᠣᠳᠠᠶᠢᠴᠣᠳ ᠴᠠᠰᠤ ᠪᠣᠷᠣᠭᠠᠨ ᠲᠠᠢ ᠡᠳᠣᠷ ᠬᠠᠯᠳᠣᠷᠢᠬᠤ ᠠᠴᠠ ᠰᠡᠷᠬᠡᠶᠢᠯᠡᠨ ᠲᠠᠶᠢᠰᠠᠨ ᠶᠢ ᠵᠠᠰᠠᠵᠤ ᠬᠠᠰᠢᠯᠭ᠎ᠠ ᠬᠢᠵᠣ ᠦᠭᠪᠠ︔ ᠨᠠᠰᠤᠲᠠᠶᠢᠴᠤᠳ ᠵᠣᠯ ᠵᠢᠷᠭᠠᠯᠠᠩᠳᠣ ᠬᠦᠷᠢᠶᠡᠯᠡᠩ ᠳᠤ ᠲᠥᠪᠯᠡᠷᠡᠨ ᠰᠠᠭᠤᠭᠰᠠᠨ ᠠᠴᠠ ᠬᠠᠷᠢᠯᠴᠠᠨ ᠬᠠᠷᠠᠭᠠᠯᠵᠠᠵᠤ ᠶᠡᠭᠡ ᠰᠠᠶᠢᠨ ᠪᠠᠶᠢᠨ᠎ᠠ︔ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠣᠭᠲᠠᠭᠰᠠᠨ ᠬᠤᠭᠤᠴᠠᠭ᠎ᠠ ᠲᠠᠢ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠰᠠᠶᠢᠨ ᠲᠣᠷᠠᠴᠢᠳ ᠨᠠᠰᠤᠲᠠᠶᠢᠴᠤᠳ ᠲᠤ ᠦᠰᠦ ᠵᠠᠰᠠᠬᠤ᠂ ᠴᠡᠪᠡᠷᠯᠡᠭᠡ ᠬᠢᠬᠦ ᠵᠡᠷᠭᠡ ᠪᠠᠷ ᠦᠢᠯᠡᠴᠢᠯᠡᠳᠡᠭ︔ ᠨᠠᠰᠤᠲᠠᠶᠢᠴᠤᠳ ᠲᠣᠩ ᠬᠠᠨᠤᠮᠵᠢᠲᠠᠶ ᠪᠠᠶᠢᠨ᠎ᠠ︾ ᠭᠡᠵᠤ ᠲᠤᠯᠤᠭᠠᠢ ᠣᠰᠣ  ᠭᠠᠴᠠᠭᠠᠨ ᠤ ᠨᠠᠮ ᠤᠨ ᠡᠭᠦᠷ ᠤᠨ ᠱᠦᠵᠢ᠂ ᠲᠤᠰᠬᠤᠨ ᠤ ᠵᠦᠪᠯᠡᠯ ᠤᠨ ᠡᠷᠬᠢᠯᠡᠭᠴᠢ ᠮᠠ ᠵᠢᠤᠢ ᠯᠦᠩ ᠶᠠᠷᠢᠯ᠎ᠠ᠃     ᠮᠠ ᠸᠧᠢ ᠵᠣᠣ ᠨᠠᠰᠤᠲᠠᠨ ᠪᠣᠯ ᠪᠣᠬᠳᠠ ᠶᠢᠨ ᠭᠤᠣᠯ ᠰᠣᠮᠣᠨ ᠤ ᠲᠣᠯᠣᠭᠠᠢ ᠤᠰᠤ ᠭᠠᠴᠠᠭᠠᠨ ᠤ ᠠᠬᠠᠮᠠᠳ ᠨᠠᠮ ᠤᠨ ᠬᠡᠰᠢᠬᠦᠨ ᠪᠣᠯᠣᠨ᠎ᠠ᠃ 2017 ᠣᠨ ᠳᠤ ᠬᠡᠷᠬᠡᠢ ᠲᠠᠢ ᠪᠠᠨ ᠬᠠᠮᠲᠤ ᠵᠣᠯ ᠵᠢᠷᠭᠠᠯᠠᠩᠳᠣ ᠬᠦᠷᠢᠶᠡᠯᠡᠩ ᠰᠠᠭᠤᠷᠢᠰᠢᠭᠠᠳ᠂ ᠣᠳᠣ ᠪᠣᠯᠳᠠᠯ᠎ᠠ ᠡᠨᠡ ᠬᠦ ᠬᠦᠷᠢᠶᠡᠯᠡᠩ ᠳᠤ ᠰᠠᠳᠬᠢᠯ ᠲᠠᠶᠢᠪᠣᠩ᠂ ᠵᠣᠯ ᠵᠢᠷᠭᠠᠯ ᠲᠠᠢ ᠦᠳᠡᠯᠣᠬᠡ ᠨᠠᠰᠣ ᠪᠠᠨ ᠦᠩᠬᠡᠷᠡᠬᠦᠯᠵᠣ ᠪᠣᠢ᠃ ︽ᠮᠠᠨ ᠤ ᠨᠠᠰᠣᠳᠠᠶᠢᠴᠣᠳ ᠢ ᠬᠠᠯᠠᠮᠵᠢᠯᠠᠨ ᠬᠠᠪᠰᠤᠷᠴᠦ ᠸᠠᠭᠠᠷ ᠲᠣᠭᠤᠰᠬᠠᠨ ᠪᠦᠲᠦᠴᠡᠲᠦ ᠭᠡᠷ ᠪᠠᠷᠢᠵᠤ ᠦᠭᠬᠦᠭᠰᠡᠨ ᠳᠤ ᠲᠣᠩ ᠲᠠᠯᠠᠷᠬᠠᠵᠣ ᠪᠠᠶᠢᠨ᠎ᠠ︔ ᠵᠠᠮ ᠢ ᠬᠠᠲᠠᠭᠤᠷᠠᠭᠤᠯᠵᠤ ᠦᠭᠬᠦᠭᠰᠡᠨ  ᠠᠴᠠ ᠶᠠᠪᠤᠬᠤ ᠰᠠᠭᠤᠬᠤ ᠳᠤ ᠴᠦ ᠳᠥᠭᠦᠮ  ᠪᠣᠯᠣᠬᠰᠠᠨ︔ ᠨᠠᠰᠣᠳᠠᠶᠢᠴᠣᠳ ᠪᠢᠳᠠ ᠬᠠᠮᠲᠦ ᠰᠠᠭᠤᠬᠤ ᠪᠤᠯᠤᠭᠰᠠᠨ  ᠠᠴᠠ ᠪᠡᠶ᠎ᠡ ᠪᠡᠶ᠎ᠡ ᠳᠤ ᠪᠠᠨ ᠬᠠᠪᠰᠤᠷᠬᠤ᠂ ᠵᠤᠭᠤᠭᠳᠠᠵᠤ ᠰᠡᠳᠬᠢᠯ ᠰᠡᠷᠬᠦᠭᠡᠬᠦ ᠳᠤ ᠴᠤ ᠳᠦᠬᠦᠮ ᠪᠤᠯᠤᠭᠰᠠᠨ︾ ᠭᠡᠵᠤ ᠲᠣᠯᠣᠭᠠᠢ ᠤᠰᠤ ᠭᠠᠴᠠᠭᠠᠨ ᠤ ᠠᠬᠠᠮᠠᠳ ᠨᠠᠮ ᠤᠨ ᠬᠡᠰᠢᠬᠦᠨ ᠮᠠ ᠸᠧᠢ ᠵᠣᠣ ᠶᠠᠷᠢᠯ᠎ᠠ᠃     ᠬᠦᠪᠡᠬᠡᠳᠣ ᠰᠢᠷ᠎ᠡ ᠬᠤᠰᠢᠭᠤᠨ ᠤ ᠵᠣᠯ ᠵᠢᠷᠭᠠᠯᠡᠩᠳᠣ ᠬᠦᠷᠢᠶᠡᠯᠡᠩ ᠨᠢ ᠨᠠᠰᠤᠲᠠᠶᠢᠴᠤᠳ ᠲᠤ ᠠᠮᠢᠳᠤᠷᠠᠯ ᠤᠨ ᠲᠠᠯ᠎ᠠ ᠪᠠᠷ ᠳᠦᠬᠦᠮ ᠦᠵᠡᠬᠦᠯᠦᠭᠰᠡᠨ ᠢᠶᠠᠷ ᠪᠠᠷᠠᠬᠤ ᠥᠬᠡᠶ᠂ ᠪᠠᠰᠠ ᠰᠡᠳᠬᠢᠯ ᠰᠠᠨᠠᠭᠠᠨ ᠤ ᠲᠠᠯ᠎ᠠ ᠪᠠᠷ ᠪᠠᠶᠠᠷ ᠪᠠᠶᠠᠰᠬᠤᠯᠠᠩᠲᠠᠢ ᠪᠠᠶᠢᠬᠤ ᠳᠤ ᠨᠦᠬᠦᠴᠡᠯ ᠬᠠᠩᠭᠠᠵᠤ᠂ ᠲᠠᠷᠢᠶᠠᠯᠠᠬᠤ ᠮᠠᠯᠵᠢᠬᠤ ᠣᠷᠣᠨ ᠤ ᠬᠠᠷᠠᠵᠤ ᠬᠠᠷᠠᠭᠠᠯᠵᠠᠬᠤ ᠬᠦᠮᠦᠨ ᠦᠭᠡᠢ ᠨᠠᠰᠤᠲᠠᠶᠢᠴᠤᠳ ᠤᠨ ᠨᠠᠰᠤᠵᠢᠯ ᠤᠨ ᠬᠦᠴᠢᠷ ᠠᠰᠠᠭᠤᠳᠠᠯ ᠢ ᠰᠢᠢᠳᠪᠣᠷᠢᠯᠡᠬᠦ ᠪᠦᠲᠦᠮᠵᠢᠲᠠᠢ ᠰᠢᠨ᠎ᠡ ᠠᠷᠭ᠎ᠠ ᠵᠠᠮ ᠪᠣᠯᠣᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号