ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠨᠠᠷᠢᠯᠢᠭ ᠤᠨᠤᠪᠴᠢᠲᠡᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠯᠡᠰᠦᠷᠭᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠤᠭᠰᠠᠨ ᠢᠶᠠᠷ ᠪᠦᠬᠦ ᠬᠤᠰᠢᠭᠤᠨ ᠤ ᠠᠮᠢ ᠠᠬᠤᠶ | ᠲᠤᠭᠳᠠᠭᠤᠨ ᠢᠶᠠᠷ ᠰᠠᠶᠢᠵᠢᠷᠠᠭᠰᠠᠨ ᠪᠠᠶᠢᠨ᠎ᠠ᠃ | 6 ᠰᠠᠷ᠎ᠠ ᠶᠢᠨ 15 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ | ᠵᠠᠰᠠᠬᠤ ᠪᠠ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠡᠯᠡᠰᠦ ᠶᠢ | ᠵᠠᠰᠠᠬᠤ ᠲᠥᠷᠥᠯ ᠵᠦᠢᠯ ᠵᠢᠴᠢ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ | ᠠᠵᠢᠯ ᠡᠬᠢᠯᠡᠬᠦ ᠶᠣᠰᠣᠯᠠᠯ ᠬᠤᠰᠢᠭᠤᠨ ᠤ ᠤᠩᠭᠤᠨ ᠠᠭᠤᠯᠠ ᠰᠤᠮᠤᠨ ᠤ ᠬᠤᠶᠠᠷ ᠬᠤᠳᠳᠤᠭ ᠭᠠᠴᠠᠭᠠᠨ ᠳᠤ | ᠶᠠᠪᠤᠭᠳᠠᠨ᠂ ᠤᠩᠭᠤᠨ ᠠᠭᠤᠯᠠ ᠰᠤᠮᠤᠨ ᠤ ᠵᠣᠬᠢᠴᠠᠭᠤᠯᠬᠤ ᠳᠤᠭᠤᠶᠢᠯᠠᠩ᠂ 8 ᠬᠤᠷᠰᠢᠶᠠᠵᠢᠯ ᠤᠨ 68 ᠡᠷᠦᠬᠡ᠂ | ᠣᠶ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶ᠎ᠠ ᠶᠢᠨ 5 ᠮᠡᠷᠭᠡᠵᠢᠯ ᠤᠨ ᠵᠢᠯᠣᠭᠤᠳᠬᠤ ᠳᠤᠭᠤᠶᠢᠯᠠᠩ᠂ ᠬᠢᠨᠠᠨ | ᠬᠠᠮᠢᠶᠠᠷᠬᠤ ᠺᠣᠮᠫᠠᠨᠢ ᠶᠢᠨ 200 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠡᠯᠡᠰᠦ ᠶᠢ ᠵᠠᠰᠠᠬᠤ | ᠠᠵᠢᠯ ᠪᠥᠬᠦ ᠲᠠᠯ᠎ᠠ ᠪᠠᠷ ᠡᠬᠢᠯᠡᠵᠡᠢ᠃ | 6 ᠰᠠᠷ᠎ᠠ ᠶᠢᠨ 14 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠳᠤᠭ ᠪᠡᠯᠴᠢᠭᠡᠷ ᠤᠨ | ᠳᠤᠪᠴᠢᠶᠠᠨ ᠤ ᠠᠵᠢᠯᠲᠠᠳ ᠤᠩᠭᠤᠨ ᠠᠭᠤᠯᠠ ᠰᠤᠮᠤᠨ ᠳᠤ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ | ᠴᠤᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ᠂ ︽ᠭᠤᠷᠪᠠᠨ ᠤᠮᠠᠷᠠᠲᠤ︾ | ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠪᠣᠳᠠᠲᠠᠶ ᠠᠵᠢᠯ ᠢ ᠤᠷᠢᠳ ᠢᠶᠠᠷ ᠡᠬᠢᠯᠡᠭᠦᠯᠬᠦ | ᠠᠵᠢᠯ ᠢ ᠰᠤᠳᠤᠯᠤᠨ ᠪᠠᠶᠢᠷᠢᠯᠠᠭᠤᠯᠤᠭᠰᠠᠨ ᠤ ᠬᠠᠮᠳᠦ ᠠᠴᠢᠶᠠᠨ ᠤ ᠮᠠᠰᠢᠨ᠂ ᠬᠦᠷᠢᠶᠡᠨ ᠲᠤᠤᠷ᠂ ᠱᠦᠢᠨᠢ ᠪᠠᠭᠠᠨ᠎ᠠ | ᠵᠡᠷᠭᠡ ᠮᠠᠰᠢᠨ ᠮᠠᠲ᠋ᠧᠷᠢᠶᠠᠯ ᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ ᠬᠤᠯᠪᠣᠭᠳᠠᠬᠤ ᠲᠥᠷᠥᠯ | ᠵᠦᠢᠯ ᠤᠨ ᠲᠣᠭᠤᠷᠢᠭ ᠲᠤ ᠬᠦᠷᠭᠡᠵᠦ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠬᠦᠷᠢᠶ᠎ᠡ ᠬᠠᠰᠢᠶ᠎ᠠ ᠶᠢ | ᠪᠢᠲᠡᠭᠦᠮᠵᠢᠯᠡᠬᠦ ᠠᠵᠢᠯ ᠢ ᠳᠠᠭᠤᠰᠬᠠᠬᠤ ᠪᠣᠯᠤᠨ᠎ᠠ᠃ ︽ᠥᠨᠥᠳᠦᠷ ᠮᠠᠨ ᠤ ᠮᠠᠯᠴᠢᠳ ᠤᠨ ᠵᠣᠬᠢᠶᠠᠨ ᠪᠠᠶᠢᠭᠤᠯᠤᠭᠰᠠᠨ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠰᠢᠶ᠎ᠠ ᠡᠨᠡ ᠤᠳᠠᠭ᠎ᠠ ᠶᠢᠨ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ ᠠᠮᠢ ᠠᠬᠤᠢ ᠶᠢᠨ ᠣᠷᠴᠢᠨ ᠲᠣᠭᠤᠷᠢᠨ ᠤ ᠦᠷ᠎ᠡ ᠠᠰᠢᠭ ᠢ ᠴᠢᠷᠮᠠᠶᠢᠨ | ᠳᠡᠭᠡᠭᠰᠢᠯᠡᠭᠦᠯᠬᠦ ᠪᠠᠷ ᠪᠤᠢ︔ ᠮᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠯᠠᠪᠲᠠᠢ | ᠠᠮᠵᠢᠯᠲᠠ ᠣᠯᠵᠤ᠂ ᠮᠠᠯᠴᠢᠨ ᠲᠦᠮᠡᠨ ᠴᠦ ᠠᠰᠢᠭ ᠬᠦᠷᠳᠡᠬᠦ ᠳᠤ ᠢᠳᠡᠭᠡᠯ ᠲᠠᠢ ᠪᠠᠶᠢᠨ᠎ᠠ︾ ᠭᠡᠵᠦ ᠤᠩᠭᠤᠨ | ᠠᠭᠤᠯᠠ ᠰᠤᠮᠤᠨ ᠤ ᠪᠦᠷᠢᠳᠦ ᠨᠠᠭᠤᠷ ᠭᠠᠴᠠᠭᠠᠨ ᠤ ᠱᠦᠵᠢ ᠮᠠᠨᠳᠤᠬᠤ ᠶᠠᠷᠢᠯ᠎ᠠ᠃ | ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤ ︽ᠭᠤᠤᠯᠳᠠᠯᠭ᠎ᠠ ᠶᠢ ᠳᠣᠪᠤᠶᠢᠯᠭᠠᠨ᠂ ᠪᠦᠬᠦᠯᠢ | ᠴᠣᠭᠴᠠ ᠪᠠᠷ ᠨᠢ ᠠᠬᠢᠭᠤᠯᠵᠤ᠂ ᠣᠷᠣᠨ ᠬᠤᠪᠢᠶᠠᠨ ᠵᠠᠰᠠᠬᠤ︾ ᠵᠠᠷᠴᠢᠮ ᠶᠣᠰᠣᠭᠠᠷ᠂ 2024 ᠣᠨ ᠤ | ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠨᠠᠷᠠ ᠰᠠᠯᠬᠢ ᠪᠠᠷ ᠴᠠᠬᠢᠯᠭᠠᠨ ᠭᠠᠷᠭᠠᠬᠤ ᠶᠢ ᠨᠢᠭᠡ | ᠴᠤᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ 3.6 ᠲᠦᠮᠡᠨ ᠮᠥ | ᠲᠥᠯᠥᠪᠯᠡᠵᠦ᠂ ᠤᠳᠤᠬᠠᠨ ᠳᠤ ᠠᠵᠢᠯ ᠤᠨ ᠵᠢᠷᠤᠭ ᠲᠥᠯᠥᠪᠯᠡᠭᠡ ᠨᠠᠶᠢᠷᠠᠭᠤᠯᠤᠨ ᠵᠣᠬᠢᠶᠠᠬᠤ᠂ ᠬᠡᠯᠡᠯᠴᠡᠭᠡᠷ | ᠲᠣᠭᠲᠠᠬᠤ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠡᠭᠦᠨ ᠤ | ᠬᠠᠮᠲᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠳᠡ ᠶᠢᠨ ᠳᠠᠶᠢᠯᠠᠯᠳᠤᠭᠠᠨ ᠳᠤ ᠪᠥᠬᠦ | ᠲᠠᠯ᠎ᠠ ᠪᠠᠷ ᠢᠯᠠᠯᠲᠠ ᠤᠯᠬᠤ ᠶᠢᠨ ᠲᠥᠯᠥᠭᠡ᠂ 2024 ᠣᠨ ᠳᠤ ︽ᠭᠤᠷᠪᠠᠨ ᠤᠮᠠᠷᠠᠲᠤ︾ ᠶᠢᠨ ᠵᠢᠷᠭᠤᠳᠤᠭᠠᠷ | ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠᠷ ᠲᠥᠯᠥᠪᠯᠡᠵᠦ᠂ ᠳᠡᠭᠡᠳᠦ | ᠱᠠᠲᠤᠨ ᠤ ᠪᠠᠯᠠ ᠮᠥᠩᠭᠦ ᠥᠬᠡᠶ ᠪᠠᠷ 2.3 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ | ᠤᠷᠢᠳᠠᠪᠠᠷ ᠡᠬᠢᠯᠡᠭᠦᠯᠬᠦ ᠪᠠᠷ ᠪᠤᠢ᠂ ᠣᠳᠣᠬᠠᠨ ᠳᠤ ᠨᠢᠭᠡᠨᠲᠡ ᠠᠵᠢᠯ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠪᠡᠶᠡᠯᠡᠭᠦᠯᠵᠦ᠂ 0.15 ᠲᠦᠮᠡᠨ ᠮᠥ ᠪᠣᠳᠠ ᠮᠣᠳᠣᠨ ᠤ ᠲᠠᠷᠢᠮᠠᠯ ᠢ ᠪᠡᠶᠡᠯᠡᠭᠦᠯᠦᠭᠰᠡᠨ ᠪᠠᠶᠢᠨ᠎ᠠ᠃ | 2023 ᠣᠨ ᠤ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠦᠷᠦᠯ ᠵᠦᠢᠯ 1.2 ᠲᠦᠮᠡᠨ ᠮᠥ ᠪᠠᠶᠢᠵᠦ ᠣᠳᠣᠬᠠᠨ ᠳᠤ ᠨᠢᠭᠡᠨᠲᠡ 0.3 ᠲᠦᠮᠡᠨ | ᠮᠥ ᠶᠢᠨ ᠡᠭᠦᠷᠭᠡ ᠶᠢ ᠪᠡᠶᠡᠯᠡᠭᠦᠯᠵᠦ᠂ ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠡᠪᠡᠰᠦ ᠲᠠᠷᠢᠵᠦ᠂ | ᠶᠢᠰᠦᠳᠤᠭᠡᠷ ᠰᠠᠷ᠎ᠠ ᠶᠢᠨ ᠰᠡᠭᠦᠯᠴᠢ ᠪᠠᠷ ᠨᠠᠮᠤᠷ ᠤᠨ ᠤᠯᠠᠷᠢᠯ ᠤᠨ ᠣᠶᠢᠵᠢᠭᠤᠯᠬᠤ ᠠᠵᠢᠯ ᠢ ᠬᠡᠷᠡᠭᠵᠢᠭᠦᠯᠬᠦ ᠪᠠᠷ ᠪᠤᠢ᠃ | |