ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠴᠢᠬᠤᠯᠠ ᠪᠦᠷᠢᠯᠳᠦᠬᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠲᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ | ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ | ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ | ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠨᠢᠭᠦᠯᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ | ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ | ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ | ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ | ᠳᠤ ᠬᠡᠳᠦᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ | ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ ︽ | ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ | ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠬᠡᠯᠪᠠᠶᠢᠯᠲᠡ ᠶᠢ | ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ ᠴᠢᠩᠭᠠᠷᠠᠭᠤᠯᠵᠤ᠂ ᠡᠵᠡᠩᠨᠡᠯᠲᠡ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ | ᠳᠡᠶᠢᠯᠬᠦ︾ ᠶᠢ ᠦᠨᠡᠨ ᠬᠦ ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ | ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ | ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦ᠋ᠢᠴᠡ | ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ ᠦᠢᠯᠡᠳᠬᠦᠨ ᠤ ᠦᠨ᠎ᠡ | ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ ᠬᠤᠭᠤᠴᠠᠭᠠᠨ ᠤ ᠦᠶᠡᠯᠡᠯ ᠤᠨ ᠦᠨᠡᠯᠡᠨ | ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ ᠬᠤᠭᠤᠴᠠᠭᠠᠨ ᠤ | ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ | ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠳᠠᠬᠢ | ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ | ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ | ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ | ᠰᠠᠶᠢᠲᠠᠶ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ | ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ | ︽ᠰᠠᠨᠠᠯ︾ ᠳᠤ ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ ᠳᠣᠭᠢᠷᠠᠬᠤ ᠰᠠᠨᠠᠭᠠᠨ ᠳᠤ | ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠶᠡᠭᠡ ᠪᠠᠷ ᠬᠥᠭᠵᠢᠭᠦᠯᠬᠦ︾ ︽ | ᠡᠮᠡᠭᠲᠡᠶᠢᠴᠦᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ | ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ | ᠥᠬᠡᠶ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ | ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ | ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠴᠠᠩᠭᠤᠶ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ | ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ | ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ | ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ ᠲᠤᠰᠢᠶᠠᠬᠤ ᠳᠤ | ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ | ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ | ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ ᠢᠳᠡᠪᠬᠢᠲᠡᠶ ᠬᠥᠭᠵᠢᠭᠦᠯᠬᠦ︾ ᠵᠡᠷᠭᠡ ᠠᠷᠭ᠎ᠠ | ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ | ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ | ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ | ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ | ᠬᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ | ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ | ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ ᠳᠦᠷᠬᠡᠨ ᠲᠠᠪᠰᠢᠭᠰᠠᠨ ᠪᠤᠯᠪᠠᠴᠦ | ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ ᠬᠦ ᠠᠬᠤᠶ | ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ | ᠳᠠᠷᠦ᠋ᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠠᠯᠢ ᠣᠯᠠᠨ | ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ ᠴᠢᠬᠤᠯᠠᠲᠠᠶ ᠶᠤᠮ᠃︾ ᠮᠥᠩᠭᠦᠨ ᠭᠦᠢᠯᠭᠡᠭᠡᠨ ᠤ ᠲᠡᠷᠢᠭᠦᠨ | ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ | ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ ᠪᠠᠷᠢᠮᠵᠢᠶᠠᠵᠢᠭᠤᠯᠤᠯᠲᠠ ᠶᠢ ᠠᠬᠢᠭᠤᠯᠵᠤ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ | ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ | ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ | ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ | ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠶ ᠣᠷᠣᠯᠴᠠᠬᠤ ᠪᠠ ᠠᠬᠢᠭᠤᠯᠬᠤ | ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 | ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ | ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠡᠬᠢᠯᠡᠨ | ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ | 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ | ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠬᠤᠷᠠᠮᠳᠤᠭᠤᠯᠭ᠎ᠠ ᠶᠢᠨ | ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ ᠨᠠᠰᠤᠲᠠᠶᠢᠴᠤᠳ ᠵᠡᠷᠭᠡ | ᠬᠥᠮᠦᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃ ︽ᠪᠢᠳᠡ | ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ | ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ | ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ | ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ | ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ | ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ | ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠥᠯᠢ ᠶᠢᠨ ᠳᠠᠭᠠᠳᠬᠠᠯ︾ ᠤᠨ ᠬᠠᠭᠤᠳᠠᠰᠤ ᠶᠢ ᠪᠡᠯᠡᠭᠯᠡᠪᠡ | ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠪᠣᠯ ᠱᠠᠩᠬᠠᠶ ᠬᠤᠲᠠ ᠶᠢᠨ ᠠᠷᠠᠳ ᠲᠤ | ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠬᠡᠷ ᠪᠦᠯᠢ ᠶᠢᠨ | ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ + ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ ᠬᠠᠶᠢᠨ | ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 | ᠲᠦᠮᠡᠨ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠨᠢ ᠪᠠᠰᠠ | ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ | ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ | ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ | ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ ᠬᠡᠷᠡᠭᠯᠡᠨ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ | ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ ᠳᠦᠭᠦᠮᠴᠢᠯᠡᠯᠲᠡ ᠶᠢᠨ ᠬᠡᠮᠵᠢᠶ᠎ᠡ ᠶᠢ | ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠦᠯᠦᠵᠦ | ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠬᠦ ᠰᠠᠶᠢᠲᠤᠷ ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ | |