ᠰᠠᠶᠢᠨ ᠲᠣᠷᠠᠴᠢᠳ ᠣᠯᠣᠰ ᠤᠨ ᠰᠢᠯᠭᠠᠯᠳᠠ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/6/18
     6 ᠰᠠᠷ᠎ᠠ ᠶᠢᠨ 7 ᠤ ᠡᠳᠦᠷ᠂ 2024 ᠣᠨ ᠤ ᠶᠡᠭᠡ ᠲᠡᠬᠡᠳᠣ ᠰᠣᠷᠭᠠᠭᠤᠯᠢ ᠳᠤ ᠰᠣᠷᠣᠬᠴᠢ ᠡᠯᠰᠡᠬᠦ ᠨᠢᠬᠡᠳᠣᠯᠲᠠᠢ ᠰᠢᠯᠭᠠᠯᠳᠠ ᠡᠬᠢᠯᠡᠯ᠎ᠡ᠃ ᠬᠥᠪᠡᠭᠡᠲᠦ ᠰᠢᠷ᠎ᠠ ᠬᠤᠰᠢᠭᠤᠨ ᠤ ᠵᠠᠭᠤ ᠭᠠᠷᠤᠶ ᠰᠢᠯᠭᠠᠭᠤᠯᠤᠭᠴᠢ ᠢᠲᠡᠭᠡᠯ ᠲᠡᠭᠦᠯᠳᠡᠷ ᠢᠶᠠᠷ ᠰᠢᠯᠭᠠᠯᠲᠠ ᠶᠢᠨ ᠲᠠᠯᠠᠪᠠᠶ ᠳᠤ ᠤᠷᠤᠬᠤ ᠳᠤ ᠰᠢᠯᠭᠠᠯᠲᠠ ᠶᠢᠨ ᠲᠠᠯᠠᠪᠠᠢ ᠶᠢᠨ ᠭᠠᠳᠠᠨ᠎ᠠ ᠴᠤ ᠡᠮᠴᠢ ᠰᠤᠪᠢᠯᠠᠭᠴᠢ᠂ ᠴᠠᠬᠳᠠᠭ᠎ᠠ ᠂ ᠰᠠᠶᠢᠨ ᠳᠤᠷᠠᠴᠢᠨ ᠠᠴᠠ ᠰᠢᠯᠭᠠᠭᠤᠯᠤᠭᠰᠠᠳ ᠲᠤ ᠦᠢᠯᠡᠴᠢᠯᠡᠬᠦ ᠦᠢᠯᠡᠴᠢᠯᠡᠭᠡ ᠬᠠᠩᠭᠠᠵᠣ᠂ ᠣᠯᠣᠰ ᠤᠨ ᠨᠢᠬᠡᠳᠣᠯᠲᠠᠢ ᠰᠢᠯᠭᠠᠯᠳᠠ ᠶᠢᠨ ᠠᠮᠣᠷ ᠲᠦᠪᠰᠢᠨ ᠡᠮᠬᠢ ᠵᠢᠷᠣᠮ ᠲᠠᠢ ᠶᠠᠪᠣᠬᠳᠠᠬᠤ ᠶᠢ ᠦᠨᠡᠨ ᠬᠦ ᠪᠠᠳᠣᠯᠠᠵᠣ ᠪᠣᠢ᠃     ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ  ᠲᠤ ᠬᠦᠷᠬᠦ ᠳᠤ᠂ ᠰᠠᠶᠢᠨ ᠲᠣᠷᠠᠴᠢᠳ ᠰᠠᠨᠠᠭᠠᠴᠢᠯᠠᠭ᠎ᠠ ᠠᠴᠠ ᠪᠠᠨ ᠰᠤᠷᠤᠭᠴᠢ ᠪᠠᠭᠰᠢ ᠵᠢᠴᠢ ᠭᠡᠷ ᠤᠨ ᠠᠬᠠᠮᠠᠳ ᠲᠤ ᠤᠰᠤ ᠂ ᠴᠠᠭᠠᠰᠤ᠂ ᠪᠢᠷ ᠵᠡᠷᠭᠡ ᠡᠳ᠋ ᠪᠣᠳᠠᠰ ᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠰᠤᠷᠭᠠᠭᠤᠯᠢ ᠲᠠᠢ ᠬᠠᠮᠵᠢᠯᠴᠠᠨ ᠰᠢᠯᠭᠠᠯᠲᠠ ᠶᠢᠨ ᠲᠠᠯᠠᠪᠠᠢ ᠶᠢᠨ ᠡᠷᠬᠢᠨ ᠲᠣᠭᠤᠷᠢᠨ ᠤ ᠡᠮᠬᠢ ᠳᠢᠭᠯᠢᠮ ᠢ ᠪᠠᠲᠤᠯᠠᠬᠤ ᠶᠢᠨ ᠬᠠᠮᠲᠤ ᠰᠤᠷᠤᠭᠴᠢᠳ ᠢ ᠵᠤᠷᠢᠭᠵᠢᠭᠤᠯᠤᠨ ᠵᠥᠩᠨᠡᠯ ᠳᠡᠪᠰᠢᠭᠦᠯᠵᠦ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠢ ᠪᠤᠢ  ᠪᠣᠯᠭᠠᠬᠰᠠᠨ ᠪᠠᠶᠢᠨ᠎ᠠ᠃ ︽ᠬᠥᠪᠡᠭᠡᠲᠦ ᠰᠢᠷ᠎ᠠ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠳᠣ ᠬᠤᠷᠰᠢᠶ᠎ᠠ ᠨᠢ ᠣᠯᠣᠰ ᠤᠨ ᠨᠢᠭᠡᠳᠦᠯᠲᠡᠶ ᠰᠢᠯᠭᠠᠯᠲᠠ ᠶᠢᠨ ᠰᠣᠷᠣᠭᠴᠢ ᠳᠤ 6 ᠵᠢᠯ ᠳᠠᠷᠠᠭᠠᠯᠠᠨ ᠰᠠᠶᠢᠨ ᠳᠤᠷ᠎ᠠ ᠶᠢᠨ ᠦᠶᠯᠡᠴᠢᠯᠡᠭᠡ ᠬᠠᠩᠭᠠᠬᠤ ᠶᠢᠨ ᠬᠠᠮᠲᠤ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠣᠬᠠᠭᠤᠯᠪᠠ︔ ᠬᠦᠰᠡᠬᠦ ᠨᠢ  ᠣᠯᠣᠰ ᠤᠨ ᠨᠢᠬᠡᠳᠣᠯᠲᠠᠢ ᠰᠢᠯᠭᠠᠯᠳᠠ ᠳᠤ ᠣᠷᠣᠬᠰᠠᠨ ᠰᠣᠷᠣᠬᠴᠢᠳ ᠰᠢᠯᠢᠳᠡᠭ ᠬᠢᠷᠢ ᠪᠦᠲᠦᠮᠵᠢ ᠣᠯᠵᠣ᠂ ᠠᠯᠤᠰ ᠢᠷᠡᠭᠡᠳᠦᠶ ᠳᠤ ᠪᠠᠨ ᠠᠮᠵᠢᠯᠲᠠ ᠳᠦᠬᠦᠷᠡᠩ ᠪᠤᠯᠤᠭᠠᠰᠠᠢ︾ ᠭᠡᠵᠤ ᠬᠥᠪᠡᠭᠡᠲᠦ ᠰᠢᠷ᠎ᠠ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠳᠣ ᠬᠤᠷᠰᠢᠶ᠎ᠠ ᠶᠢᠨ ᠨᠠᠮ ᠤᠨ ᠶᠠᠪᠤᠳᠠᠯ ᠠᠵᠢᠯᠲᠠᠨ ᠤ ᠶᠠᠪᠤᠳᠠᠯ ᠤᠨ ᠬᠡᠯᠲᠡᠰ ᠤᠨ ᠳᠠᠭᠠᠭᠠᠮᠠᠯ ᠵᠢᠶᠠᠩ ᠲᠣᠣ ᠶᠠᠷᠢᠯ᠎ᠠ᠃ ︽ᠥᠨᠥᠳᠦᠷ ᠮᠠᠨ ᠤ ᠰᠢᠨᠡᠪᠣᠯᠠᠭ ᠪᠠᠯᠭᠠᠰᠤ ᠪᠣᠯᠤᠨ ᠡᠯ᠎ᠡ ᠨᠡᠶᠢᠭᠡᠮ ᠲᠣᠭᠤᠷᠢᠭ ᠤᠨ ᠬᠢᠨ ᠰᠠᠶᠢᠨ ᠲᠣᠷᠠᠴᠢᠳ ᠢ ᠵᠣᠬᠢᠶᠠᠨ ᠪᠠᠶᠢᠭᠤᠯᠵᠤ  ᠣᠯᠣᠰ ᠤᠨ ᠨᠢᠭᠡᠳᠦᠯᠲᠡᠢ ᠰᠢᠯᠭᠠᠯᠲᠠ ᠶᠢᠨ ᠴᠡᠭ ᠲᠤ ᠤᠰᠤ ᠪᠣᠯᠤᠨ ᠬᠡᠷᠡᠭᠰᠡᠬᠦ ᠴᠢᠬᠤᠯᠠ ᠲᠠᠢ ᠵᠦᠢᠯᠡᠰ ᠢ ᠪᠠᠯᠠᠳᠬᠡᠭᠰᠠᠨ ᠪᠠᠶᠢᠨ᠎ᠠ︔ ᠰᠢᠯᠭᠠᠭᠤᠯᠣᠬᠰᠠᠳ ᠤᠨ ᠰᠠᠨᠠᠬᠰᠠᠨ ᠰᠤᠷᠭᠠᠭᠤᠯᠢ ᠳᠤ ᠪᠠᠨ ᠰᠢᠯᠭᠠᠨ ᠣᠷᠣᠬᠤ ᠶᠢ ᠬᠦᠰᠡᠵᠦ ᠪᠠᠶᠢᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠰᠢᠨᠡᠪᠣᠯᠠᠭ ᠪᠠᠯᠭᠠᠰᠣᠨ ᠤ ᠡᠷᠳᠡᠨᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢ ᠱᠤ᠋ ᠴᠢᠨ ᠶᠠᠷᠢᠪᠠ᠃     ᠣᠯᠣᠰ ᠤᠨ ᠨᠢᠭᠡᠳᠦᠯᠲᠡᠶ ᠰᠢᠯᠭᠠᠯᠲᠠ ᠳᠤ ᠦᠢᠯᠡᠴᠢᠯᠡᠬᠦ ᠠᠵᠢᠯ ᠳᠤ ᠵᠢᠯ ᠳᠠᠷᠠᠭᠠᠯᠠᠨ ᠦᠨᠡᠨ ᠰᠡᠳᠬᠢᠯ ᠠᠴᠠ ᠪᠠᠨ ᠤᠷᠤᠯᠴᠠᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠶᠢᠨ ᠬᠢᠨ ᠡᠷᠬᠢᠮ ᠲᠡᠬᠡᠳᠣ ᠵᠡᠩ ᠴᠢᠨᠡᠷ ᠪᠠ ᠣᠶᠣᠨ ᠰᠠᠨᠠᠭᠠᠨ ᠤ ᠭᠤᠶᠤ ᠰᠠᠶᠢᠬᠠᠨ ᠲᠦᠷᠰᠣ ᠪᠠᠶᠢᠳᠠᠯ ᠢᠶᠠᠷ ᠢᠶᠠᠨ ᠠᠷᠠᠳ ᠤᠯᠠᠨ ᠤ ᠮᠠᠭᠳᠠᠭᠠᠯ ᠰᠠᠶᠢᠰᠢᠶᠠᠯ ᠢ ᠤᠯᠵᠤ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠬᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号