ᠦᠨᠳᠦᠰᠦᠲᠡᠨ ᠤ ᠬᠤᠪᠴᠠᠰᠤ ᠵᠠᠰᠠᠯ ᠤᠶᠤᠬᠤ ᠪᠠᠷ ᠨᠠᠰᠤᠠ ᠤ ᠦᠢᠯᠡᠰ ᠢᠶᠠᠨ ᠪᠤᠯᠭᠠᠠᠠᠰᠠᠠ ᠣᠶᠤᠨᠴᠢᠮᠡᠭ ᠨᠠᠰᠤᠲᠠᠨ 
ᠨᠡᠶᠢᠲᠡᠯᠡᠭᠰᠡᠨ ᠴᠠᠭ᠄
2024/6/19
     ᠡᠨᠡ ᠵᠢᠯ 72 ᠨᠠᠰᠤᠲᠠᠶ ᠤᠶᠤᠨᠴᠢᠮᠡᠭ ᠪᠣᠯ ᠰᠢᠯᠢ ᠶᠢᠨ ᠭᠤᠤᠯ ᠠᠶᠢᠮᠠᠭ ᠲᠡᠰ ᠤᠨ ᠪᠣᠳᠠᠰ ᠤᠨ ᠪᠤᠰᠤ ᠰᠣᠶᠣᠯ ᠤᠨ ᠥᠪ ᠲᠥᠷᠥᠯ ᠵᠦᠢᠯ ᠤᠨ ᠴᠠᠬᠠᠷ ᠬᠤᠪᠴᠠᠰᠤ ᠵᠠᠰᠠᠯ ᠤᠨ ᠲᠦᠯᠥᠭᠡᠯᠡᠭᠴᠢ᠂ ᠦᠪᠯᠡᠡ ᠤᠯᠠᠮᠵᠢᠯᠠᠭᠴᠢ ᠪᠣᠯᠤᠨ᠎ᠠ᠃      ᠭᠦᠪᠡᠭᠡᠲᠦ ᠰᠢᠷ᠎ᠠ ᠬᠤᠰᠢᠭᠤᠨ ᠤ ᠵᠠᠩ ᠦᠢᠯᠡ ᠰᠣᠶᠤᠯ ᠤᠨ ᠵᠡᠭᠡᠯᠢ ᠶᠢᠨ ︽ᠤᠶᠤᠠ ᠲᠡᠷᠯᠢᠭ ᠤᠨ ᠤᠶᠤᠳᠠᠯ ᠤᠨ ᠭᠠᠵᠠᠷ︾ ᠪᠤᠯ ᠳᠠᠷᠤᠢ ᠤᠶᠤᠨᠴᠢᠮᠡᠭ ᠨᠠᠰᠤᠲᠠᠨ ᠤ ᠲᠦᠴᠢᠭᠡᠳ ᠵᠢᠯ ᠤᠨ ᠬᠢᠨᠢ ᠬᠦᠯᠦᠰᠦ ᠬᠦᠴᠦ  ᠪᠤᠯᠤᠨ᠎ᠠ᠃ ᠲᠡᠷᠡ ᠬᠡᠳᠥᠶᠢᠪᠡᠷ ᠲᠠᠯᠠ ᠶᠢᠨ ᠲᠠᠪᠠᠭ᠎ᠠ ᠶᠢ ᠲᠠᠪᠠᠭᠰᠠᠠ ᠪᠤᠯᠪᠠᠴᠥ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠤᠶᠤᠵᠤ ᠤᠷᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠦᠪ ᠰᠣᠶᠣᠯ ᠢᠶᠠᠨ ᠤᠯᠠᠮᠵᠢᠯᠠᠨ ᠵᠠᠯᠭᠠᠮᠵᠢᠯᠠᠭᠰᠠᠭᠠᠷ ᠢᠷᠡᠵᠠᠢ᠃      ᠤᠶᠤᠨᠴᠢᠮᠡᠭ ᠪᠤᠯ ᠬᠦᠪᠡᠭᠡᠳᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠡᠬᠢᠨ ᠤᠰᠤ ᠭᠠᠴᠠᠭᠠᠨ ᠤ ᠮᠠᠯᠴᠢᠨ ᠪᠤᠯᠤᠨ᠎ᠠ᠃ ᠲᠡᠷᠡ 20 ᠵᠢᠯ ᠤᠨ ᠡᠮᠤᠨ᠎ᠡ᠂ ᠡᠵᠢ ᠠᠴᠠ ᠪᠠᠨ ᠰᠤᠷᠤᠠᠠᠰᠠᠠ ᠣᠶᠣᠳᠠᠯ ᠤᠨ ᠤᠷ᠎ᠠ ᠠᠪᠢᠶᠠᠰ ᠢᠶᠠᠷ ᠢᠶᠠᠨ ᠪᠤᠭᠳᠠ ᠶᠢᠨ ᠭᠤᠤᠯ ᠰᠤᠮᠤᠨ ᠲᠦᠪ ᠲᠤ ᠬᠤᠪᠴᠠᠰᠤ ᠣᠶᠣᠬᠤ ᠭᠠᠵᠠᠷ ᠭᠠᠷᠭᠠᠨ ᠤᠷᠤᠯᠭ᠎ᠠ ᠪᠠᠨ ᠨᠡᠮᠡᠭᠳᠡᠭᠦᠯᠳᠡᠭ ᠪᠠᠶᠢᠨ᠎ᠠ᠃ 2006 ᠣᠨ ᠳᠤ ᠬᠤᠲᠠ ᠣᠷᠣᠵᠤ ᠦᠢᠯᠡᠰ ᠪᠤᠰᠬᠠᠠ ᠰᠢᠨᠡᠪᠤᠯᠠᠭ ᠪᠠᠯᠭᠠᠰᠤᠨ ᠳᠤ ᠦᠨᠳᠦᠰᠦᠲᠡᠨ ᠤ ᠬᠤᠪᠴᠠᠰᠤ ᠵᠠᠰᠠᠯ ᠤᠨ ᠳᠡᠯᠭᠡᠭᠦᠷ ᠡᠷᠬᠢᠯᠡᠭᠰᠡᠨ ᠠᠴᠠ ᠨᠠᠭᠠᠰᠢ᠂ ᠤᠶᠤᠨᠴᠢᠮᠡᠭ ᠤᠷᠢᠳ ᠬᠤᠵᠢᠳ ᠠᠷᠪᠠᠨ ᠬᠡᠳᠦᠨ ᠱᠠᠪᠢ ᠬᠥᠮᠥᠵᠢᠭᠦᠯᠵᠦ᠂ ᠲᠡᠳᠡᠨ ᠳᠤ ᠴᠠᠬᠠᠷ ᠬᠤᠪᠴᠠᠰᠤ ᠵᠠᠰᠠᠯ᠂ ᠵᠡᠭᠦᠦ ᠤᠷᠢᠶᠠᠬᠤ᠂ ᠡᠰᠬᠡᠯᠳᠡ᠂ ᠲᠣᠯᠣᠭᠠᠶ ᠶᠢᠨ ᠵᠠᠰᠠᠯ ᠵᠡᠷᠭᠡ ᠠᠯᠢ ᠣᠯᠠᠨ ᠤᠯᠠᠮᠵᠢᠯᠠᠯᠲᠤ ᠤᠷ᠎ᠠ ᠮᠡᠷᠭᠡᠵᠢᠯ ᠢ ᠵᠢᠭᠠᠵᠠᠢ᠃ ︽ᠪᠢ ᠠᠷᠪᠠᠨ ᠳᠣᠯᠣᠭᠠᠨ ᠨᠠᠰᠤᠲᠠᠢ ᠠᠴᠠ ᠪᠠᠨ ᠤᠶᠤᠳᠠᠯ ᠬᠢᠭᠰᠡᠨ︔ ᠤᠭ ᠠᠴᠠ ᠪᠠᠨ ᠲᠤᠷ᠎ᠠ ᠪᠠᠭ᠋ᠠᠳᠠᠢ︔ ᠤᠶᠤᠳᠠᠯ ᠤᠨ ᠮᠡᠷᠭᠡᠵᠢᠯ ᠢᠶᠠᠨ ᠵᠠᠯᠠᠭᠤᠴᠤᠳ  ᠳᠠᠭᠠᠨ ᠢᠯᠡᠭᠦᠥ  ᠵᠢᠭᠠᠵᠤ ᠤᠯᠠᠮᠵᠢᠯᠠᠶ᠎ᠠ ᠬᠡᠵᠥ ᠪᠤᠳᠤᠵᠤ ᠪᠠᠶᠢᠨ᠎ᠠ︾ ᠭᠡᠵᠥ ᠣᠶᠤᠨᠴᠢᠮᠡᠭ ᠶᠠᠷᠢᠯ᠎ᠠ᠃      ᠦᠨᠳᠦᠰᠦᠲᠡᠨ ᠤ ᠬᠤᠪᠴᠠᠰᠤ ᠵᠠᠰᠠᠯ ᠨᠢ ᠦᠢ ᠤᠯᠠᠨ ᠤᠶᠤᠳᠠᠯᠴᠢᠳ ᠤᠨ ᠪᠠᠷᠢᠮᠳᠠᠯᠠᠯ ᠪᠠ ᠲᠤᠷ᠎ᠠ ᠪᠠᠬ᠎ᠠ ᠶᠢᠨ ᠦᠷ᠎ᠡ ᠪᠦᠲᠦᠭᠡᠯ ᠪᠠᠶᠢᠵᠥ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠨᠢᠭᠡ ᠠᠭᠤᠯᠭ᠎ᠠ ᠪᠤᠯᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号