ᠬᠦᠪᠡᠭᠡᠲᠦ ᠰᠢᠷ᠎ᠠ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/6/21
        ᠨᠢᠭᠡ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ        ᠬᠥᠪᠡᠭᠡᠲᠦ ᠰᠢᠷ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ 2019 ᠣᠨ ᠤ 2 ᠰᠠᠷ᠎ᠠ ᠶᠢᠨ 3 ᠤ ᠡᠳᠦᠷ ᠪᠠᠶᠢᠭᠤᠯᠤᠭᠳᠠᠵᠤ᠂ ᠬᠥᠪᠡᠭᠡᠲᠦ ᠰᠢᠷ᠎ᠠ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠳᠣᠪᠴᠢᠶ᠎ᠠ᠂ ᠬᠥᠪᠡᠭᠡᠲᠦ ᠰᠢᠷ᠎ᠠ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠠᠯᠪᠠᠨ ᠭᠡᠷ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠵᠡᠢ᠃ ᠳᠣᠲᠤᠭᠠᠳᠤ ᠳᠤ ᠪᠠᠨ ᠠᠯᠪᠠᠨ ᠬᠡᠷ᠂ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠰᠠᠯᠠᠭ᠎ᠠ᠂ ᠡᠨᠧᠷᠭᠢ ᠶᠢᠨ ᠬᠠᠮᠢᠶᠠᠷᠤᠯᠲᠠ ᠶᠢᠨ ᠰᠠᠯᠠᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠰᠠᠯᠠᠭ᠎ᠠ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠢᠭᠡᠳ ᠠᠷᠠᠳ ᠤᠨ ᠡᠵᠡᠩᠨᠡᠭᠰᠡᠨ ᠠᠵᠤ ᠠᠬᠤᠶ ᠶᠢᠨ ᠰᠠᠯᠠᠭ᠎ᠠ᠂ ᠦᠨ᠎ᠡ ᠬᠠᠩᠰᠢ ᠵᠢᠴᠢ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠬᠠᠮᠢᠶᠠᠷᠤᠯᠲᠠ ᠪᠠ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠰᠠᠯᠠᠭ᠎ᠠ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠰᠠᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠵᠡᠷᠭᠡ  9 ᠪᠠᠶᠢᠭᠤᠯᠤᠮᠵᠢ ᠲᠠᠢ᠃ ᠬᠠᠷᠢᠶᠠᠲᠤ ᠠᠵᠢᠯ  ᠦᠢᠯᠡᠰ ᠤᠨ ᠨᠢᠭᠡᠴᠡ 1 ᠪᠠᠶᠢᠵᠤ᠂ ᠬᠥᠪᠡᠭᠡᠲᠦ ᠰᠢᠷ᠎ᠠ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠦᠢᠯᠡᠴᠢᠯᠡᠭᠡ ᠶᠢᠨ ᠲᠥᠪ ᠪᠣᠯᠤᠨ᠎ᠠ᠃        ᠬᠤᠶᠠᠷ᠂ ᠣᠷᠣᠨ ᠲᠤᠭ᠎ᠠ ᠵᠢᠴᠢ ᠠᠵᠢᠯᠲᠠᠨ ᠤ ᠪᠠᠶᠢᠳᠠᠯ        ᠬᠥᠪᠡᠭᠡᠲᠦ ᠰᠢᠷ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠲᠣᠭᠲᠠᠭᠠᠭᠰᠠᠨ ᠣᠷᠣᠨ ᠲᠤᠭ᠎ᠠ 26 ᠨᠡᠷ᠎ᠡ᠂ ᠡᠭᠦᠨ ᠳᠤ ᠵᠠᠰᠠᠭ ᠵᠠᠬᠢᠷᠭᠠᠨ ᠤ ᠣᠷᠣᠨ ᠲᠤᠭ᠎ᠠ 15 ᠨᠡᠷ᠎ᠡ᠂ ᠬᠤᠭᠤᠰᠣᠨ ᠣᠷᠣᠨ ᠲᠤᠭ᠎ᠠ 3 ᠨᠡᠷ᠎ᠡ᠂ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ 11 ᠨᠡᠷ᠎ᠡ ᠪᠣᠶ᠃ ᠣᠲᠣ ᠪᠠᠶᠢᠭ᠎ᠠ ᠺᠠᠳ᠋ᠷ ᠠᠵᠢᠯᠲᠠᠨ ᠨᠡᠶᠢᠲᠡ 25 ᠨᠡᠷ᠎ᠡ ᠪᠠᠶᠢᠵᠤ᠂ ᠡᠭᠦᠨ ᠤ ᠳᠣᠲᠣᠷ᠎ᠠ ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 4 ᠨᠡᠷ᠎ᠡ᠂ ᠠᠯᠪᠠᠲᠠᠨ 6 ᠨᠡᠷ᠎ᠡ᠂ ᠦᠢᠯᠡᠴᠢᠯᠡᠭᠡᠨ ᠤ ᠠᠵᠢᠯᠲᠠᠨ 1 ᠨᠡᠷ᠎ᠡ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ 11 ᠨᠡᠷ᠎ᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠠᠵᠢᠯᠲᠠᠨ 1 ᠨᠡᠷ᠎ᠡ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠲᠠᠨ 1 ᠨᠡᠷ᠎ᠡ ᠪᠣᠶ᠃        ᠭᠤᠷᠪᠠ᠂ ᠡᠭᠦᠷᠭᠡ  ᠴᠢᠳᠠᠪᠬᠢ ᠵᠢᠴᠢ ᠭᠤᠣᠯ ᠪᠣᠯᠬᠤ ᠲᠤᠬᠠᠶᠢᠯᠠᠭᠰᠠᠨ ᠠᠵᠢᠯ        ᠬᠥᠪᠡᠭᠡᠲᠦ ᠰᠢᠷ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯ ᠪᠦᠭᠦ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠭᠥᠭᠵᠢᠯᠲᠡ ᠶᠢᠨ ᠳᠦᠷᠤ ᠶᠢᠨ ᠪᠤᠲᠣᠯᠭ᠎ᠠ ᠶᠢ ᠶᠡᠷᠦᠩᠬᠡᠶᠢᠯᠡᠨ ᠰᠤᠳᠤᠯᠤᠨ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠵᠤ᠂ ᠪᠦᠭᠦ ᠬᠤᠰᠢᠭᠤᠨ ᠤ ᠠᠵᠦ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢᠨ ᠶᠡᠷᠦᠩᠬᠡᠶ ᠴᠣᠭᠴᠠ ᠶᠢᠨ ᠬᠤᠷᠸ᠎ᠠ ᠳᠣᠭᠢᠷᠠᠭᠤᠯᠣᠯ ᠡᠵᠡᠮᠳᠡᠯ ᠤᠨ ᠰᠠᠯᠠᠭ᠎ᠠ ᠮᠥᠴᠢᠷ ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ ᠪᠦᠭᠦ ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠶᠢ ᠳᠣᠭᠲᠠᠭᠠᠵᠤ᠂ ᠴᠢᠬᠤᠯᠠ ᠶᠡᠭᠡ ᠳᠦᠷᠣᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯᠠᠭᠤᠯᠤᠯ ᠢ ᠲᠥᠯᠥᠪᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠲᠣᠯᠭ᠎ᠠ ᠶᠢᠨ ᠴᠢᠨᠠᠷᠲᠠᠶ ᠳᠣᠭᠢᠷᠠᠭᠤᠯᠣᠯᠲᠠ ᠪᠠ ᠲᠠᠰ ᠳᠡᠪᠰᠢᠬᠦ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠪᠠ ᠬᠤᠳᠠ ᠪᠠᠯᠭᠠᠰᠣᠵᠢᠯᠳᠠ ᠶᠢᠨ ᠬᠥᠭᠵᠢᠯᠲᠡ ᠶᠢᠨ ᠪᠠᠶᠢᠳᠠᠯ ᠢ ᠰᠤᠳᠤᠯᠤᠨ ᠵᠠᠳᠠᠯᠵᠤ᠂ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠣᠯ ᠡᠵᠡᠮᠳᠡᠯ ᠢ ᠳᠣᠭᠲᠠᠭᠠᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号