ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2024 ᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/6/24
ᠦᠷᠬᠡᠨ ᠤᠯᠠᠨ ᠮᠠᠯᠴᠢᠨ ᠲᠦᠮᠡᠨ ᠳᠤ᠄       ᠪᠦᠬᠦ ᠠᠶᠢᠮᠠᠭ ᠤᠨ ᠨᠢᠬᠡᠳᠤᠯᠲᠠᠢ ᠪᠠᠶᠢᠷᠢᠯᠠᠭᠤᠯᠤᠯᠳᠡ ᠶᠤᠰᠤᠭᠠᠷ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠠᠬᠢ ᠪᠡᠯᠴᠢᠭᠡᠷ ᠰᠡᠷᠬᠦᠬᠡᠬᠦ ᠠᠵᠢᠯ ᠤᠨ ᠦᠷ᠎ᠠ ᠪᠦᠳᠤᠭᠡᠯ ᠢ ᠤᠯᠠᠮ ᠨᠢᠬᠡ ᠠᠯᠬᠤᠮ ᠪᠠᠬᠢᠵᠢᠬᠦᠯᠵᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢᠨ  ᠲᠦᠯᠤᠭᠡ᠂ 2024 ᠤᠨ ᠤ ᠬᠠᠪᠤᠷ ᠤᠨ ᠤᠯᠠᠷᠢᠯ ᠤᠨ ᠡᠪᠡᠰᠤᠨ  ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ  ᠦᠷᠬᠦᠯᠵᠢᠯᠠᠨ ᠬᠡᠷᠡᠭᠵᠢᠬᠦᠯᠬᠦ ᠪᠠᠷ ᠲᠤᠭᠳᠠᠪᠠ᠃  ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ   ᠨᠢᠬᠡᠳᠤᠯᠲᠠᠢ ᠲᠦᠯᠤᠪᠵᠢᠬᠦᠯᠤᠨ ᠰᠠᠶᠢᠳᠤᠷ ᠬᠢᠬᠦ ᠶᠢᠨ ᠲᠦᠯᠤᠭᠡ ᠡᠳᠤᠭᠡ ᠬᠤᠯᠪᠤᠭᠳᠠᠯ ᠪᠦᠬᠦᠢ ᠵᠤᠶᠢᠯᠡᠰ  ᠢ ᠲᠤᠤᠷᠡᠬᠢ ᠮᠡᠲᠦ ᠵᠠᠷᠯᠠᠶ᠎ᠠ᠄       ᠨᠢᠬᠡ᠄  ᠪᠡᠯᠴᠢᠭᠡᠷ ᠰᠡᠷᠭᠦᠭᠡᠬᠦ ᠴᠠᠭ ᠬᠤᠭᠤᠴᠠᠭ᠎ᠠ        ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠨ ᠪᠡᠯᠴᠢᠭᠡᠷ ᠰᠡᠷᠬᠦᠬᠡᠬᠦ ᠲᠦᠷᠢᠮ︾  ᠤᠨ ᠶᠢᠰᠤᠳᠤᠭᠡᠷ ᠵᠤᠷᠪᠤᠰ ︿ᠬᠤᠰᠢᠭᠤ ᠰᠢᠶᠠᠨ ᠬᠤᠳᠠ ︵ᠲᠤᠭᠤᠷᠢᠭ︶  ᠤᠨ ᠠᠷᠠᠳ ᠤᠨ ᠵᠠᠰᠠᠭ ᠤᠨ ᠤᠷᠳᠤᠨ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠦᠬᠦᠴᠡᠯ ᠪᠠ ᠪᠡᠯᠴᠢᠭᠡᠷ ᠡᠪᠡᠰᠤᠨ ᠤ ᠤᠷᠭᠤᠯᠳᠡ ᠶᠢᠨ ᠵᠢᠮ᠎ᠠ ᠶᠤᠰᠦ ᠶᠢ ᠦᠨᠳᠤᠰᠤᠯᠠᠵᠦ᠂ ᠵᠢᠯ ᠪᠦᠷᠢ ᠶᠢᠨ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠠᠵᠢᠯ ᠢ  ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠪᠡᠯᠴᠢᠭᠡᠷ ᠰᠡᠷᠬᠦᠬᠡᠬᠦ ᠬᠤᠭᠤᠴᠠᠭ᠎ᠠ ᠶᠢ 45 ᠡᠳᠤᠷ ᠠᠴᠠ ᠲᠤᠷᠤᠭᠰᠢ ᠪᠠᠶᠢᠯᠠᠭᠠᠵᠦ ᠪᠤᠯᠬᠤ ᠦᠭᠡᠢ﹀ ᠵᠢᠴᠢ ︽ᠰᠢᠯᠢ ᠶᠢᠨ ᠭᠤᠤᠯ ᠠᠶᠢᠮᠠᠭ ᠤᠨ 2023 —2025 ᠤᠨ ᠤ ᠬᠠᠪᠤᠷ ᠤᠨ ᠤᠯᠠᠷᠢᠯ ᠤᠨ ᠡᠪᠡᠰᠤᠨ  ᠤ ᠤᠷᠭᠤᠯᠳᠡ ᠶᠢᠨ ᠬᠤᠭᠤᠴᠠᠭᠠᠨ ᠳᠠᠬᠢ  ᠪᠡᠯᠴᠢᠭᠡᠷ ᠰᠡᠷᠬᠦᠬᠡᠬᠦ ᠠᠵᠢᠯ ᠤᠨ ᠭᠡᠷᠡᠭᠵᠢᠬᠦᠯᠬᠦ ᠲᠦᠰᠤᠯ︾ ᠳᠤ ᠲᠤᠭᠳᠠᠭᠠᠭᠰᠠᠨ ᠡᠮᠤᠨ᠎ᠡ ᠪᠠ ᠪᠠᠷᠠᠭᠤᠨ ᠪᠠᠶ᠎ᠠ ᠶᠢᠨ ᠬᠤᠰᠢᠭᠤ ᠰᠢᠶᠠᠨ ᠤ ᠪᠡᠯᠴᠢᠭᠡᠷ ᠰᠡᠷᠬᠦᠬᠡᠬᠦ ᠴᠠᠭ ᠢ 4 ᠰᠠᠷ᠎ᠠ ᠶᠢᠨ 1 ᠡᠳᠤᠷ ᠠᠴᠠ ᠡᠮᠤᠨ᠎ᠡ ᠪᠠᠶᠢᠯᠠᠭᠠᠵᠦ ᠪᠤᠯᠬᠤ ᠦᠭᠡᠢ ᠭᠡᠰᠡᠨ ᠱᠠᠭᠠᠷᠳᠠᠯᠭ᠎ᠠ ᠶᠢ ᠦᠨᠳᠤᠰᠤᠯᠠᠨ᠂ ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ  ᠳᠤ ᠪᠡᠯᠴᠢᠬᠡᠷ ᠰᠡᠷᠬᠦᠬᠡᠬᠦ  ᠬᠤᠭᠤᠴᠠᠭ᠎ᠠ ᠶᠢ 4 ᠰᠠᠷ᠎ᠠ ᠶᠢᠨ1 ᠤ ᠡᠳᠤᠷ ᠠᠴᠠ 5 ᠰᠠᠷ᠎ᠠ ᠶᠢᠨ15 ᠤ ᠡᠳᠤᠷ ᠪᠤᠯᠳᠠᠯ᠎ᠠ᠂ ᠨᠡᠶᠢᠳᠡ 45 ᠡᠳᠤᠷ ᠬᠡᠷᠡᠭᠵᠢᠬᠦᠯᠬᠦ ᠪᠠᠷ ᠲᠤᠭᠳᠠᠪᠠ᠃       ᠬᠤᠶᠠᠷ᠄ ᠪᠡᠯᠴᠢᠬᠡᠷ ᠰᠡᠷᠬᠦᠬᠡᠬᠦ ᠬᠦᠷᠢᠶ᠎ᠠ ᠬᠡᠪᠴᠢᠶ᠎ᠠ       ᠪᠠᠶᠠᠨᠳᠠᠯ᠎ᠠ ᠪᠠᠯᠭᠠᠰᠦ᠂ ᠤᠩᠭᠤᠨ ᠠᠭᠤᠯᠡ ᠰᠤᠮᠦ᠂ ᠪᠤᠭᠳᠠ ᠶᠢᠨ ᠭᠤᠤᠯ ᠰᠤᠮᠤᠨ ᠤ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ ᠤᠷᠤᠨ ᠳᠤ ᠬᠡᠷᠡᠭᠵᠢᠬᠦᠯᠤᠨ᠎ᠡ᠃ ᠪᠡᠯᠴᠢᠭᠡᠷ ᠰᠡᠷᠬᠦᠬᠡᠬᠦ ᠲᠠᠯᠠᠪᠠᠢ ᠨᠢ 726.85 ᠲᠦᠮᠡᠨ ᠮᠦ ᠪᠠᠶᠢᠵᠦ᠂ ᠦᠬᠡᠷ᠂ ᠬᠤᠨᠢ ᠂ ᠢᠮᠠᠭ᠎ᠠ ︵ᠠᠳᠤᠭᠤ᠂ ᠲᠡᠮᠡᠭᠡ ᠶᠢ ᠪᠡᠯᠴᠢᠭᠡᠷ  ᠰᠡᠷᠭᠦᠭᠡᠬᠦ ᠭᠡᠪᠴᠢᠶᠠᠨ  ᠳᠤ ᠪᠠᠭᠳᠠᠭᠠᠬᠤ ᠦᠭᠡᠢ︶ ᠳᠤ ᠬᠠᠪᠤᠷ ᠤᠨ ᠤᠯᠠᠷᠢᠯ ᠤᠨ ᠡᠪᠡᠰᠤᠨ ᠤ ᠤᠷᠭᠤᠯᠳᠡ ᠶᠢᠨ ᠬᠤᠭᠤᠴᠠᠭᠠᠨ ᠳᠤ ᠪᠡᠯᠴᠢᠬᠡᠷ ᠰᠡᠷᠬᠦᠬᠡᠬᠦ  ᠲᠦᠷᠢᠮ ᠢ ᠭᠡᠷᠡᠭᠵᠢᠬᠦᠯᠤᠨ᠎ᠠ᠃        ᠭᠤᠷᠪᠠ᠄ ᠪᠡᠯᠴᠢᠬᠡᠷ ᠰᠡᠷᠬᠦᠬᠡᠬᠦ ᠨᠦᠬᠦᠪᠤᠷᠢ ᠶᠢᠨ ᠪᠠᠷᠢᠮᠵᠢᠶ᠎ᠠ        ᠪᠡᠯᠴᠢᠭᠡᠷ ᠰᠡᠷᠬᠦᠬᠡᠬᠦ ᠬᠤᠭᠤᠴᠠᠭᠠᠨ ᠳᠤ 1.125 ᠲᠦᠬᠦᠷᠢᠭ / ᠮᠦ  ᠶᠢᠨ ᠪᠠᠷᠢᠮᠵᠢᠶ᠎ᠠ ᠪᠠᠷ ᠨᠦᠬᠦᠪᠤᠷᠢ ᠤᠯᠭᠤᠵᠦ᠂ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ  ︽ᠪᠦᠷᠢᠨ ᠴᠢᠳᠠᠮᠵᠢᠲᠦ ᠺᠠᠷᠲ︾ ᠪᠤᠶᠤ  ᠨᠡᠶᠢᠭᠡᠮ ᠤᠨ ᠪᠠᠲᠤᠯᠭ᠎ᠠ ᠶᠢᠨ ᠺᠠᠷᠲ ᠪᠠᠷ ᠪᠡᠯᠴᠢᠬᠡᠷ ᠰᠡᠷᠬᠦᠬᠡᠬᠦ ᠨᠦᠬᠦᠪᠤᠷᠢ ᠶᠢ ᠮᠠᠯᠴᠢᠳ ᠲᠤ ᠤᠯᠭᠤᠨ᠎ᠠ᠃       ᠲᠦᠷᠪᠡ᠄ ᠬᠠᠮᠢᠶ᠎ᠠ ᠪᠦᠬᠦᠢ ᠱᠠᠭᠠᠷᠳᠠᠯᠭ᠎ᠠ            ᠨᠢᠬᠡ᠂ ᠪᠡᠯᠴᠢᠬᠡᠷ ᠰᠡᠷᠬᠦᠬᠡᠬᠦ ᠬᠤᠭᠤᠴᠠᠭᠠᠨ ᠳᠤ ᠪᠡᠯᠴᠢᠬᠡᠷ ᠰᠡᠷᠬᠦᠬᠡᠬᠦ ᠤᠷᠤᠨ ᠲᠤᠭᠤᠷᠢᠭ ᠲᠤ ᠮᠠᠯ ᠪᠡᠯᠴᠢᠬᠡᠷᠯᠡᠬᠦᠯᠬᠦ ᠶᠢ ᠴᠢᠩᠭ᠎ᠠ ᠴᠠᠭᠠᠵᠠᠯᠠᠨ᠎ᠠ᠃ ᠮᠠᠯᠵᠢᠬᠤ ᠡᠷᠤᠬᠡ ᠨᠢ ᠡᠯ᠎ᠡ ᠲᠦᠷᠤᠯ ᠤᠨ ᠪᠡᠯᠡᠳᠬᠡᠯ ᠠᠵᠢᠯ ᠢᠶᠠᠨ ᠰᠠᠶᠢᠳᠤᠷ ᠬᠢᠵᠦ᠂ ᠮᠠᠯ ᠤᠰᠤᠯᠠᠬᠤ᠂ ᠮᠠᠯ ᠢᠶᠠᠨ ᠪᠤᠷᠳᠤᠬᠤ ᠵᠡᠷᠭᠡ ᠰᠢᠯᠳᠠᠭᠠᠨ ᠢᠶᠠᠷ ᠮᠠᠯ ᠢᠶᠠᠨ ᠪᠡᠯᠴᠢᠬᠡᠷᠯᠡᠬᠦᠯᠬᠦ ᠶᠢ ᠡᠷᠡᠰ ᠬᠤᠷᠢᠭᠯᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠤᠮᠦ ᠪᠠᠯᠭᠠᠰᠦ᠂ ᠭᠠᠴᠠᠭᠠᠨ ᠤ ᠬᠢᠨᠠᠯᠳᠠ ᠬᠠᠮᠢᠶᠠᠷᠤᠯᠳᠡ ᠶᠢ ᠢᠳᠡᠪᠬᠢᠲᠠᠢ ᠬᠦᠯᠢᠶᠠᠨ ᠠᠪᠬᠤ ᠬᠡᠷᠡᠭᠲᠠᠢ᠃       ᠬᠤᠶᠠᠷ᠂ ᠡᠯ᠎ᠡ ᠰᠤᠮᠦ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠭᠠᠴᠠᠭᠠᠨ ᠤ ︽ᠬᠤᠶᠠᠷ ᠵᠦᠪᠯᠡᠯ︾ ᠨᠢ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠦ᠂ ᠮᠠᠯᠵᠢᠬᠤ ᠡᠷᠤᠬᠡ ᠶᠢᠨ ᠮᠠᠯ ᠢᠶᠠᠨ ᠪᠦᠬᠦᠨ ᠢ ᠬᠠᠰᠢᠶᠠᠯᠠᠨ ᠮᠠᠯᠵᠢᠬᠤ ᠳᠤ ᠬᠢᠨᠡᠯᠳᠡ ᠲᠠᠯᠪᠢᠬᠤ ᠬᠡᠷᠡᠭᠲᠠᠢ᠃ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠨᠢ ᠦᠪᠡᠷ ᠤᠨ ᠴᠢᠳᠠᠪᠬᠢ ᠤᠶᠢᠯᠡᠳᠤᠯ ᠢᠶᠠᠨ ᠬᠦᠢᠴᠡᠳ ᠪᠠᠳᠠᠷᠠᠭᠤᠯᠵᠦ᠂ ᠵᠢᠭᠠᠨ ᠵᠢᠯᠤᠭᠤᠳᠬᠤ ᠪᠠ ᠬᠢᠨᠡᠨ ᠬᠠᠮᠢᠶᠠᠷᠤᠯᠳᠡ ᠶᠢᠨ ᠠᠵᠢᠯ ᠢ ᠰᠠᠶᠢᠳᠤᠷ ᠬᠢᠬᠦ ᠬᠡᠷᠡᠭᠲᠠᠢ᠃ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠨᠢ ᠬᠢᠨᠠᠯᠳᠠ ᠲᠠᠯᠪᠢᠬᠤ ᠵᠢᠴᠢ ᠡᠪᠡᠰᠤᠨ ᠤ ᠤᠷᠭᠤᠯᠳᠡ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠢ ᠬᠠᠷᠢᠭᠤᠴᠠᠵᠦ᠂  ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠬᠦ ᠶᠢ  ᠬᠢᠨᠠᠨ ᠬᠠᠮᠢᠶᠠᠷᠬᠤ ᠪᠠ ᠲᠠᠷᠬᠠᠭᠠᠬᠤ ᠠᠵᠢᠯ ᠢ ᠬᠠᠷᠢᠭᠤᠴᠠᠵᠦ᠂ ᠬᠤᠰᠢᠭᠤ ᠮᠠᠯ ᠲᠠᠷᠢᠶᠠᠯᠠᠩ ᠰᠢᠨᠵᠢᠯᠡᠭᠡ ᠮᠡᠷᠬᠡᠵᠢᠯ ᠤᠨ ᠰᠠᠯᠠᠭ᠎ᠠ ᠮᠦᠴᠢᠷ ᠨᠢ ᠡᠪᠡᠰᠦ ᠪᠤᠷᠳᠤᠭ᠎ᠠ ᠶᠢ ᠨᠦᠭᠡᠴᠡᠯᠡᠬᠦ᠂ ᠮᠠᠯ ᠤᠨ ᠬᠢᠵᠢᠭ  ᠬᠡᠮ ᠢ ᠰᠡᠷᠬᠡᠶᠢᠯᠡᠨ ᠵᠠᠰᠠᠬᠤ ᠪᠠ ᠬᠠᠰᠢᠶᠠᠯᠠᠨ ᠮᠠᠯᠵᠢᠬᠤ ᠮᠡᠷᠬᠡᠵᠢᠯ ᠤᠨ ᠵᠢᠯᠤᠭᠤᠳᠤᠯᠭ᠎ᠠ ᠬᠢᠬᠦ ᠠᠵᠢᠯ ᠢ ᠬᠠᠷᠢᠭᠤᠴᠠᠵᠦ᠂ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠨᠢ ᠮᠠᠯ ᠤᠨ ᠤᠰᠦ ᠤᠮᠳᠠ ᠶᠢ ᠪᠠᠳᠤᠯᠠᠬᠤ ᠠᠵᠢᠯ ᠢ ᠬᠠᠷᠢᠭᠤᠴᠠᠵᠦ᠂ ᠤᠬᠠᠭᠤᠯᠬᠤ ᠰᠠᠯᠠᠭ᠎ᠠ ᠮᠦᠴᠢᠷ ᠨᠢ ᠪᠡᠯᠴᠢᠬᠡᠷ ᠰᠡᠷᠬᠦᠬᠡᠬᠦ ᠠᠵᠢᠯ ᠤᠨ ᠤᠬᠠᠭᠤᠯᠤᠨ ᠵᠢᠯᠤᠭᠤᠳᠬᠤ ᠠᠵᠢᠯ ᠢ ᠬᠠᠷᠢᠭᠤᠴᠠᠵᠦ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠠᠤᠯᠢ ᠭᠡᠷᠡᠭᠵᠢᠬᠦᠯᠬᠦ  ᠶᠡᠭᠡ ᠠᠩᠬᠢ ᠂ ᠦᠨᠳᠤᠰᠤᠨ ᠱᠠᠳᠤᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠲᠤᠪᠴᠢᠶ᠎ᠠ ᠨᠢ ᠬᠠᠤᠯᠢ ᠶᠢ ᠭᠡᠷᠡᠭᠵᠢᠬᠦᠯᠵᠦ ᠬᠢᠨᠡᠯᠳᠡ ᠲᠠᠯᠪᠢᠬᠤ ᠠᠵᠢᠯ ᠢᠶᠠᠨ ᠴᠢᠩᠭᠠᠳᠬᠠᠵᠦ᠂ ᠲᠦᠷᠢᠮ ᠲᠤᠭᠳᠠᠭᠠᠯ ᠢ ᠵᠦᠷᠢᠴᠡᠨ ᠮᠠᠯ ᠢᠶᠠᠨ ᠪᠡᠯᠴᠢᠬᠡᠷᠯᠡᠬᠦᠯᠬᠦ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦ ᠭᠡᠷᠡᠭᠲᠠᠢ᠃        ᠭᠤᠷᠪᠠ᠂  ᠪᠡᠯᠴᠢᠬᠡᠷ ᠰᠡᠷᠬᠦᠬᠡᠬᠦ ᠬᠤᠭᠤᠴᠠᠭᠠᠨ ᠳᠤ ᠢᠯᠡᠴᠢᠯᠡᠨ ᠮᠡᠳᠡᠬᠦᠯᠬᠦ ᠲᠦᠷᠢᠮ ᠢ ᠬᠡᠷᠡᠭᠵᠢᠬᠦᠯᠤᠨ᠂ ᠬᠠᠤᠯᠢ ᠭᠡᠷᠡᠭᠵᠢᠬᠦᠯᠬᠦ ᠬᠢᠨᠠᠯᠳᠠ ᠲᠠᠯᠪᠢᠬᠤ᠂ ᠨᠡᠶᠢᠬᠡᠮ ᠠᠴᠠ ᠬᠢᠨᠠᠯᠳᠠ ᠲᠠᠯᠪᠢᠬᠤ᠂ ᠤᠯᠠᠨ ᠲᠦᠮᠡᠨ ᠪᠠ ᠶᠠᠷᠢᠶ᠎ᠠ ᠬᠡᠯᠡᠯᠴᠡᠭᠡᠨ ᠤ ᠬᠢᠨᠠᠯᠳᠠ ᠲᠠᠯᠪᠢᠬᠤ ᠲᠠᠢ ᠤᠶᠠᠯᠳᠤᠭᠤᠯᠤᠨ᠎ᠠ᠃ ᠦᠷᠭᠡᠨ ᠤᠯᠠᠨ ᠲᠦᠮᠡᠨ ᠲᠦᠷᠢᠮ ᠲᠤᠭᠳᠠᠭᠠᠯ ᠠᠴᠠ ᠵᠦᠷᠢᠴᠡᠨ ᠪᠡᠯᠴᠢᠭᠡᠷᠯᠡᠬᠦᠯᠬᠦ ᠠᠵᠢᠯᠯᠠᠭ᠎ᠠ ᠶᠢ ᠢᠳᠡᠪᠬᠢᠲᠠᠢ ᠢᠯᠡᠴᠢᠯᠡᠨ ᠮᠡᠳᠡᠬᠦᠯᠬᠦ ᠪᠤᠯᠪᠠᠦ᠃        ᠪᠡᠯᠴᠢᠭᠡᠷ ᠰᠡᠷᠬᠦᠬᠡᠬᠦ ᠬᠤᠭᠤᠴᠠᠭᠠᠨ ᠳᠤ ᠡᠯ᠎ᠡ ᠰᠤᠮᠦ ᠪᠠᠯᠭᠠᠰᠦ ᠪᠡ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢ ᠢᠯᠡᠴᠢᠯᠡᠨ ᠮᠡᠳᠡᠬᠦᠯᠬᠦ ᠲᠤᠰᠬᠠᠢ ᠤᠳᠠᠰᠦ ᠲᠤᠬᠢᠷᠠᠭᠤᠯᠪᠠ ᠄        ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ  ᠤ ᠢᠯᠡᠴᠢᠯᠡᠨ ᠮᠡᠳᠡᠬᠦᠯᠬᠦ ᠤᠳᠠᠰᠦ᠄ 6222083        ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠢᠯᠡᠴᠢᠯᠡᠨ ᠮᠡᠳᠡᠬᠦᠯᠬᠦ ᠤᠳᠠᠰᠦ᠄ 6225500        ᠪᠠᠶᠠᠨᠳᠠᠯ᠎ᠠ ᠪᠠᠯᠭᠠᠰᠤᠨ ᠤ ᠢᠯᠡᠴᠢᠯᠡᠨ ᠮᠡᠳᠡᠬᠦᠯᠬᠦ ᠤᠳᠠᠰᠦ᠄ 6709608         ᠤᠩᠭᠤᠨ ᠠᠭᠤᠯᠡ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6225921         ᠪᠤᠭᠳᠠ ᠶᠢᠨ ᠭᠤᠤᠯ ᠰᠤᠮᠤᠨ ᠤ ᠢᠯᠡᠴᠢᠯᠡᠨ ᠮᠡᠳᠡᠬᠦᠯᠬᠦ ᠤᠳᠠᠰᠦ᠄ 6720529                                            ᠤᠨᠴᠠᠭᠠᠶᠢᠯᠠᠨ ᠵᠠᠷᠯᠠᠪᠠ                  ᠬᠦᠪᠡᠬᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ                                                                     
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号