ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭᠠᠨ ᠤ ᠴᠢᠬᠤᠯᠠ ᠠᠴᠢ ᠬᠤᠯᠪᠣᠭᠳᠠᠯ
ᠨᠡᠶᠢᠲᠡᠯᠡᠭᠰᠡᠨ ᠴᠠᠭ᠄
2024/6/24
     ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭᠠᠨ ᠤ ᠴᠢᠬᠤᠯᠠ ᠠᠴᠢ ᠬᠤᠯᠪᠣᠭᠳᠠᠯ     ᠣᠶᠢᠷ᠎ᠠ ᠳᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ︽ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠲᠤᠬᠠᠢ ᠮᠡᠳᠡᠭᠳᠡᠯ︾ ᠢ ᠪᠠᠭᠤᠯᠭᠠᠭᠰᠠᠨ ᠪᠠᠶᠢᠨ᠎ᠠ᠃ ᠡᠨᠡ ᠮᠡᠳᠡᠭᠳᠡᠯ ᠳᠤ ᠵᠢᠭᠠᠬᠤ ᠳᠠᠭᠠᠨ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠣᠯᠭᠤᠬᠤ ᠳᠦᠷᠢᠮ︾ ᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶᠠᠨ ᠤ ᠵᠥᠪᠰᠢᠶᠡᠷᠡᠯ ᠲᠠᠢ ᠪᠠᠷ᠂ 2024 ᠣᠨ ᠤ 4 ᠳ᠋ᠦ᠋ᠭᠡᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠯ᠎ᠠ᠃ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠪᠣᠳᠣᠯᠭ᠎ᠠ ᠪᠠᠶᠢᠵᠤ᠂ ᠪᠦᠬᠦ ᠨᠠᠮ ᠤᠨ ᠭᠡᠰᠢᠭᠦᠳ ᠨᠠᠮ ᠤᠨ ᠰᠠᠬᠢᠯᠭ᠎ᠠ ᠶᠢ ᠯᠠᠪᠳᠠᠭᠤᠨ ᠪᠠᠲᠤᠲᠠᠢ ᠰᠤᠷᠤᠯᠴᠠᠵᠤ᠂ ᠴᠢᠨᠠᠷᠯᠢᠭ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠡᠢ᠃     ᠨᠠᠮ ᠤᠨ ᠰᠠᠬᠢᠯᠭ᠎ᠠ ᠪᠠᠲᠤ ᠪᠣᠯ ᠨᠠᠮ ᠢᠶᠠᠨ ᠬᠠᠮᠢᠶᠠᠷᠴᠤ᠂ ᠨᠠᠮ ᠢᠶᠠᠨ ᠵᠠᠰᠠᠬᠤ ᠪᠠᠷᠢᠮᠵᠢᠶ᠎ᠠ ᠱᠤᠭᠤᠮ ᠮᠥᠨ᠂ ᠨᠠᠮ ᠤᠨ ᠭᠡᠰᠢᠭᠦᠨ᠂ ᠺᠠᠳ᠋ᠷᠴᠤᠳ ᠥᠪᠡᠷ ᠤᠨ ᠦᠢᠯᠡ ᠠᠵᠢᠯᠯᠠᠭ᠎ᠠ ᠪᠠᠨ ᠬᠢᠴᠢᠶᠡᠵᠦ ᠬᠢᠵᠠᠭᠠᠷᠯᠠᠬᠤ ᠶᠢᠨ ᠪᠠᠷᠢᠮᠵᠢᠶ᠎ᠠ ᠪᠣᠯᠣᠨ ᠵᠢᠷᠤᠮᠯᠠᠯ ᠪᠣᠯᠣᠨ᠎ᠠ᠃ ᠣᠳᠣᠬᠠᠨ ᠳᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭ᠎ᠠ ᠪᠦᠬᠦ ᠨᠠᠮ ᠤᠨ ᠬᠡᠪᠴᠢᠶᠡᠨ ᠳᠤ ᠭᠦᠨᠵᠡᠭᠡᠢ ᠥᠷᠨᠢᠵᠦ ᠪᠠᠶᠢᠭ᠎ᠠ ᠶᠤᠮ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠤᠳᠤᠷᠢᠳᠤᠨ ᠳᠠᠭᠠᠭᠤᠯᠵᠤ᠂ ︽ᠨᠠᠮ ᠤᠨ ᠰᠠᠬᠢᠯᠭ᠎ᠠ ᠶᠢ ᠰᠤᠷᠤᠯᠴᠠᠬᠤ᠂ ᠮᠡᠳᠡᠵᠦ ᠣᠶᠢᠯᠠᠭᠠᠵᠤ᠂ ᠢᠯᠠ ᠲᠣᠳᠣ ᠪᠠᠶᠢᠯᠭᠠᠵᠤ᠂ ᠵᠢᠷᠤᠮᠯᠠᠨ ᠰᠠᠬᠢᠬᠤ︾ ᠭᠡᠰᠡᠨ ᠦᠭᠡᠨ ᠤ ᠠᠭᠤᠯᠤᠭᠳᠠᠬᠤᠨ ᠢ ᠣᠨᠣᠪᠴᠢᠲᠠᠢ ᠣᠶᠢᠯᠠᠭᠠᠵᠤ᠂ ᠰᠤᠷᠬᠤ ᠪᠣᠯᠣᠨ ᠪᠣᠳᠣᠯᠬᠢᠯᠠᠬᠤ᠂ ᠰᠤᠷᠬᠤ ᠪᠣᠯᠣᠨ ᠬᠡᠷᠡᠭᠵᠢᠭᠦᠯᠬᠦ᠂ ᠰᠤᠷᠬᠤ ᠪᠣᠯᠣᠨ ᠪᠣᠳᠠᠲᠠᠢ ᠠᠵᠢᠯᠯᠠᠭᠠᠨ ᠳᠠᠭᠠᠨ ᠲᠤᠤᠱᠯᠠᠭᠤᠯᠬᠤ ᠶᠢᠨ ᠬᠠᠷᠢᠴᠠᠭ᠎ᠠ ᠶᠢ ᠰᠠᠶᠢᠨ ᠠᠳᠬᠤᠵᠤ᠂ ᠰᠠᠬᠢᠯᠭ᠎ᠠ ᠪᠠᠲᠤ ᠶᠢ ᠵᠢᠷᠤᠮᠯᠠᠬᠤ ᠶᠢ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠬᠤ ᠬᠡᠷᠡᠭᠲᠡᠢ᠃ ᠥᠨᠥᠳᠥᠷ ᠪᠢᠳᠠ ᠪᠦᠬᠦ ᠨᠠᠮ ᠤᠨ ᠬᠡᠪᠴᠢᠶᠡᠨ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠥᠵᠢᠯ ᠤᠨ ᠠᠵᠢᠯᠯᠠᠭᠠᠨ ᠤ ᠲᠤᠬᠠᠢ᠂ ᠨᠠᠮ ᠤᠨ ᠰᠠᠬᠢᠯᠭ᠎ᠠ ᠶᠢ ᠰᠤᠷᠤᠯᠴᠠᠬᠤ ᠴᠢᠬᠤᠯᠠ ᠠᠴᠢ ᠬᠤᠯᠪᠣᠭᠳᠠᠯ ᠤᠨ ᠲᠤᠬᠠᠢ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠣᠹᠧᠰᠰᠣᠷ᠂ ᠨᠠᠮ ᠤᠨ ᠣᠨᠣᠯ ᠤᠨ ᠲᠤᠰᠬᠠᠢ ᠮᠡᠷᠭᠡᠵᠢᠯᠲᠡᠨ ᠰᠡᠴᠡᠨᠪᠠᠲᠤ ᠪᠠᠭᠰᠢ ᠶᠢ ᠤᠷᠢᠵᠤ ᠶᠠᠷᠢᠯᠴᠠᠬᠤ ᠪᠣᠯᠣᠨ᠎ᠠ᠃ 
 
ᠢᠷᠡᠯᠲᠡ᠄ ᠲᠤᠮᠳᠠᠳᠤ ᠤᠯᠤᠰ ᠤᠨ ᠮᠤᠩᠭᠤᠯ ᠷᠠᠳᠢᠤ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号