ᠲᠥᠷᠥ ᠶᠢᠨ ᠶᠠᠪᠤᠳᠠᠯ ᠤᠨ ᠬᠤᠷᠢᠶ᠎ᠠ ᠥᠨᠥᠬᠡᠨ ︽ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠠᠮᠢᠶᠠᠲᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠬᠢᠵᠢᠭᠦᠯᠬᠦ ᠪᠠᠷ ᠭᠤᠣᠯ | ᠱᠤᠭᠤᠮ ᠢᠶᠠᠨ ᠪᠣᠯᠭᠠᠵᠤ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ | ᠬᠥᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ | ᠲᠣᠬᠢᠷᠠᠭᠤᠯᠤᠯᠲᠠ ᠶᠢ ᠲᠦᠷᠭᠡᠳᠬᠡᠵᠦ᠂ ᠡᠬᠢ ᠪᠠᠶᠠᠯᠢᠭ ᠢ ᠠᠭᠤᠳᠠᠯᠬᠤ ᠪᠠᠷ ᠭᠤᠣᠯᠳᠠᠭᠤᠯᠤᠭᠰᠠᠨ ᠭᠠᠵᠠᠷ ᠣᠷᠣᠨ ᠤ | ᠬᠥᠭᠵᠢᠯᠲᠡ ᠶᠢᠨ ᠠᠷᠭ᠎ᠠ ᠵᠠᠮ ᠢ ᠬᠤᠪᠢᠷᠠᠭᠤᠯᠬᠤ ᠶᠢ ᠰᠦᠪᠡᠭᠴᠢᠯᠡᠵᠦ᠂ ᠥᠪᠥᠷ ᠮᠣᠩᠭᠤᠯ ᠤᠨ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ ᠭᠠᠵᠠᠷ︾ ᠪᠠ ︽ᠨᠢᠭᠡ ᠬᠤᠰᠢᠭᠤᠴᠢ ᠣᠷᠣᠨ︾ ᠢ ᠪᠠᠶᠢᠭᠤᠯᠬᠤ | ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ | ᠠᠵᠤ ᠦᠢᠯᠡᠰ ᠪᠣᠯᠣᠨ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠦᠢᠯᠡᠳᠦᠯ ᠴᠢᠳᠠᠪᠬᠢ ᠶᠢ ᠦᠨᠠᠠᠬᠦ | ᠪᠠᠳᠠᠷᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠤ | ᠱᠠᠭᠠᠷᠳᠠᠵᠠᠢ᠃ | |