ᠠᠰᠠᠭᠤᠯᠲᠠ᠄ ︽ᠬᠤᠷ᠎ᠠ ᠶᠢᠨ ᠰᠢᠭᠦᠳᠡᠷᠢ ᠲᠥᠯᠥᠪᠯᠡᠭᠡ ︾ ᠶᠢᠨ ᠨᠥᠬᠦᠪᠥᠷᠢ ᠣᠯᠭᠤᠬᠤ ᠡᠲᠡᠭᠡᠳ ᠨᠢ ᠬᠡᠨ ᠪᠤᠢ︖ | ᠬᠠᠷᠢᠭᠤᠯᠲᠠ᠄ ᠨᠥᠬᠦᠪᠥᠷᠢ ᠣᠯᠭᠤᠬᠤ ᠡᠲᠡᠭᠡᠳ ᠨᠢ ᠳᠠᠩᠰᠨ ᠺᠠᠷᠲ ᠪᠠᠶᠢᠭᠤᠯᠤᠭᠰᠠᠨ ᠶᠠᠳᠠᠭᠤ ᠠᠴᠠ ᠠᠩᠭᠢᠵᠢᠷᠠᠭᠰᠠᠨ | ᠡᠷᠦᠬᠡ᠂ ᠠᠮᠠᠷᠬᠠᠨ ᠶᠠᠳᠠᠭᠤᠷᠠᠬᠤ ᠬᠡᠷ ᠪᠦᠯᠢ ᠶᠢ ᠰᠤᠷᠭᠠᠭᠤᠯᠢ ᠳᠤ ᠰᠤᠷᠤᠯᠴᠠᠵᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ︵ᠡᠩ ᠤᠨ ᠲᠤᠰᠬᠠᠶ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ | ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠵᠡᠷᠭᠡ ᠪᠠᠭᠲᠠᠨ᠎ᠠ︶ ᠤᠨ ᠦᠷ᠎ᠡ ᠬᠡᠤᠬᠡᠳ ᠪᠠᠶᠢᠵᠤ᠂ ᠪᠥᠬᠦ ᠣᠷᠣᠨ ᠤ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ᠂ ᠪᠥᠬᠦ | ᠤᠯᠤᠰ ᠤᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠠᠷᠢᠶ᠎ᠠ ᠪᠥᠬᠦᠶ ᠰᠣᠷᠣᠭᠴᠢ᠃ | ᠠᠰᠠᠭᠤᠯᠲᠠ᠄ ︽ᠬᠤᠷ᠎ᠠ ᠶᠢᠨ ᠰᠢᠭᠦᠳᠡᠷᠢ ᠲᠥᠯᠥᠪᠯᠡᠭᠡ ︾ ᠶᠢᠨ ᠨᠦᠬᠦᠪᠦᠷᠢ ᠣᠯᠭᠤᠬᠤ ᠪᠠᠷᠢᠮᠵᠢᠶ᠎ᠠ ᠨᠢ ᠶᠠᠮᠠᠷ ᠪᠣᠢ︖ | | ᠬᠠᠷᠢᠭᠤᠯᠲᠠ᠄ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ | ᠰᠤᠷᠭᠠᠭᠤᠯᠢ ᠳᠤ ᠪᠠᠶᠢᠭ᠎ᠠ ᠪᠠ ᠰᠢᠨ᠎ᠡ ᠪᠠᠷ ᠰᠤᠷᠭᠠᠭᠤᠯᠢ ᠳᠤ ᠣᠷᠣᠬᠤ ᠳᠠᠩᠰᠨ ᠺᠠᠷᠲ ᠪᠠᠶᠢᠭᠤᠯᠤᠭᠰᠠᠨ ᠶᠠᠳᠠᠭᠤ ᠠᠴᠠ | ᠠᠩᠭᠢᠵᠢᠷᠠᠭᠰᠠᠨ ᠡᠷᠦᠬᠡ᠂ ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠬᠡᠷ ᠪᠦᠯᠢ ᠶᠢᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠭᠥᠷᠳᠡᠭᠰᠡᠨ ᠰᠤᠷᠤᠭᠴᠢᠳ ᠲᠤ ᠬᠦᠮᠦᠨ ᠨᠢᠬᠡᠪᠦᠷᠢ ᠳᠤ ᠵᠢᠯ ᠪᠦᠷᠢ 3000 | ᠲᠥᠭᠦᠷᠢᠭ ᠤᠨ ᠨᠥᠬᠦᠪᠥᠷᠢ ᠣᠯᠭᠤᠨ᠎ᠠ᠃ ᠨᠥᠬᠦᠪᠥᠷᠢ ᠣᠯᠭᠤᠬᠤ ᠡᠲᠡᠭᠡᠳ ᠨᠢ ᠳᠠᠩᠰᠨ ᠺᠠᠷᠲ ᠪᠠᠶᠢᠭᠤᠯᠤᠭᠰᠠᠨ | ᠶᠠᠳᠠᠭᠤ ᠠᠴᠠ ᠠᠩᠭᠢᠵᠢᠷᠠᠭᠰᠠᠨ ᠡᠷᠦᠬᠡ᠂ ᠠᠮᠠᠷᠬᠠᠨ ᠶᠠᠳᠠᠭᠤᠷᠠᠬᠤ ᠬᠡᠷ ᠪᠦᠯᠢ ᠶᠢᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ︵ᠡᠩ ᠤᠨ ᠲᠤᠰᠬᠠᠶ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠵᠡᠷᠭᠡ ᠪᠠᠭᠲᠠᠨ᠎ᠠ︶ ᠶᠢᠨ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠦᠷ᠎ᠡ ᠬᠡᠤᠬᠡᠳ᠂ ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠤᠷᠭᠠᠭᠤᠯᠢ ᠶᠢᠨ ᠬᠠᠷᠢᠶ᠎ᠠ ᠶᠢᠨ ᠰᠢᠰᠲ᠋ᠧᠮ᠂ ᠪᠥᠬᠦ ᠤᠯᠤᠰ ᠤᠨ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢᠨ | ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠤᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠶ᠎ᠠ ᠪᠥᠬᠦᠶ ᠰᠣᠷᠣᠭᠴᠢ ᠪᠣᠯᠤᠨ᠎ᠠ᠃ ᠳᠤᠮᠳᠠ ᠵᠡᠷᠭᠡ ᠶᠢᠨ ᠠᠵᠢᠯ | ᠮᠡᠷᠭᠡᠵᠢᠯ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠰᠤᠷᠭᠠᠭᠤᠯᠢ ᠶᠢᠨ ᠬᠠᠷᠢᠶᠠᠯᠠᠯ ᠢ | ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠨ᠎ᠡ᠃ | ᠠᠰᠠᠭᠤᠯᠲᠠ᠄ ︽ᠬᠤᠷ᠎ᠠ ᠶᠢᠨ ᠰᠢᠭᠦᠳᠡᠷᠢ ᠲᠥᠯᠥᠪᠯᠡᠭᠡ ︾ ᠶᠢᠨ ᠪᠡᠯᠡ ᠮᠥᠩᠭᠦ ᠶᠢᠨ ᠢᠷᠡᠯᠲᠡ ᠨᠢ ᠶᠠᠭᠤ ᠪᠣᠢ︖ | ᠬᠠᠷᠢᠭᠤᠯᠲᠠ᠄ ︽ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ︾ ᠶᠢᠨ ᠲᠣᠭᠲᠠᠭᠠᠯ ᠶᠣᠰᠣᠭᠠᠷ᠂ ︽ᠬᠤᠷ᠎ᠠ ᠶᠢᠨ ᠰᠢᠭᠦᠳᠡᠷᠢ ᠲᠥᠯᠥᠪᠯᠡᠭᠡ︾ ᠳᠤ ᠬᠡᠷᠡᠭᠰᠡᠬᠦ ᠪᠡᠯᠡ ᠮᠥᠩᠭᠦ ᠶᠢ ᠡᠯ᠎ᠡ | ᠭᠠᠵᠠᠷ ᠤᠨ ᠡᠳ᠋ ᠤᠨ ᠵᠠᠰᠠᠭ ᠤᠨ ᠲᠤᠰᠬᠠᠶ ᠲᠥᠷᠦᠯ ᠤᠨ ᠪᠡᠯᠡ ᠮᠥᠩᠭᠦ ᠪᠤᠶᠤ ᠣᠷᠣᠨ ᠨᠤᠲᠤᠭ ᠤᠨ ᠡᠳ᠋ ᠤᠨ ᠵᠠᠰᠠᠭ ᠤᠨ | ᠲᠥᠰᠦᠪ ᠤᠨ ᠪᠡᠯᠡ ᠮᠥᠩᠭᠦ ᠠᠴᠠ ᠭᠠᠷᠭᠠᠨ᠎ᠠ᠃ | ᠠᠰᠠᠭᠤᠯᠲᠠ᠄ ︽ᠬᠤᠷ᠎ᠠ ᠶᠢᠨ ᠰᠢᠭᠦᠳᠡᠷᠢ ᠲᠥᠯᠥᠪᠯᠡᠭᠡ ︾ ᠶᠢᠨ ᠴᠠᠭ ᠬᠤᠭᠤᠴᠠᠭ᠎ᠠ ᠶᠢ ᠬᠡᠷᠬᠢᠨ ᠲᠣᠬᠢᠷᠠᠭᠤᠯᠤᠭᠰᠠᠨ | ᠪᠣᠢ︖ | ᠬᠠᠷᠢᠭᠤᠯᠲᠠ᠄ ᠨᠥᠬᠦᠪᠥᠷᠢ ᠣᠯᠭᠤᠬᠤ ᠡᠲᠡᠭᠡᠳ ᠤᠨ ᠣᠨᠣᠪᠴᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ | ᠂ ᠵᠢᠯ ᠪᠦᠷᠢ ᠬᠤᠶᠠᠷ ᠤᠳᠠᠭ᠎ᠠ ᠬᠤᠪᠢᠶᠠᠨ ᠣᠯᠭᠤᠨ᠎ᠠ᠃ | ᠬᠠᠪᠤᠷ ᠤᠨ ᠰᠤᠷᠤᠯᠭ᠎ᠠ ᠶᠢᠨ ᠬᠤᠭᠤᠴᠠᠭ᠎ᠠ᠃ ᠳᠣᠯᠣᠳᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠢᠨᠠᠨ | ᠬᠠᠷᠭᠤᠭᠤᠯᠬᠤ᠂ ᠢᠯᠡ ᠨᠡᠶᠢᠲᠡᠯᠡᠬᠦ᠂ ᠪᠡᠯᠡ ᠮᠥᠩᠭᠦ ᠰᠢᠯᠵᠢᠭᠦᠯᠦᠨ ᠥᠭᠬᠦ᠂ ᠮᠡᠳᠡᠭᠡ ᠵᠠᠩᠭᠢ ᠶᠢ ᠳᠡᠮᠳᠡᠭᠯᠡᠨ ᠣᠷᠣᠭᠤᠯᠬᠤ | ᠵᠡᠷᠭᠡ ᠠᠵᠢᠯ ᠢ ᠪᠡᠶᠡᠯᠡᠬᠦᠯᠦᠨ᠎ᠡ᠃ | ᠨᠠᠮᠤᠷ ᠤᠨ ᠰᠤᠷᠤᠯᠭ᠎ᠠ ᠶᠢᠨ ᠬᠤᠭᠤᠴᠠᠭ᠎ᠠ᠃ ᠳᠠᠷᠠᠭ᠎ᠠ ᠵᠢᠯ ᠤᠨ ᠬᠢᠨᠢ ᠨᠢᠭᠡ ᠰᠠᠷ᠎ᠠ ᠶᠢᠨ ᠰᠡᠭᠦᠯᠴᠢ ᠠᠴᠠ ᠡᠮᠦᠨ᠎ᠡ | ᠬᠢᠨᠠᠨ ᠬᠠᠷᠭᠤᠭᠤᠯᠬᠤ᠂ ᠢᠯᠡ ᠨᠡᠶᠢᠲᠡᠯᠡᠬᠦ᠂ ᠪᠡᠯᠡ ᠮᠥᠩᠭᠦ ᠰᠢᠯᠵᠢᠭᠦᠯᠦᠨ ᠥᠭᠬᠦ ᠪᠠ ᠮᠡᠳᠡᠭᠡ ᠵᠠᠩᠭᠢ ᠶᠢ ᠲᠡᠮᠳᠡᠭᠯᠡᠨ | ᠣᠷᠣᠭᠤᠯᠬᠤ ᠵᠡᠷᠭᠡ ᠠᠵᠢᠯ ᠢ ᠪᠡᠶᠡᠯᠡᠬᠦᠯᠦᠨ᠎ᠡ᠃ | |