ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠥᠵᠢᠯ ᠤᠨ ᠲᠣᠪᠴᠢᠶ᠎ᠠ ᠨᠢ ᠬᠥᠪᠡᠭᠡᠲᠦ ᠰᠢᠷ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠣᠣᠷᠠᠬᠢ ᠵᠠᠰᠠᠭ ᠵᠠᠬᠢᠷᠭᠠᠨ ᠤ ᠪᠠᠢᠭᠤᠯᠤᠮᠵᠢ | ᠪᠣᠯᠣᠨ᠎ᠠ᠃ ᠰᠤᠷᠭᠠᠨ ᠬᠥᠮᠥᠵᠢᠯ ᠤᠨ ᠲᠣᠪᠴᠢᠶ᠎ᠠ ᠤᠳᠤᠬᠠᠨ ᠳᠤ ᠵᠠᠰᠠᠭ ᠵᠠᠬᠢᠷᠭᠠᠨ ᠤ ᠣᠷᠣᠨ | ᠲᠤᠭ᠎ᠠ 8 ᠪᠣᠢ᠂ ᠠᠵᠢᠯ ᠦᠢᠯᠡᠰ ᠤᠨ ᠨᠢᠭᠡᠴᠢ ᠶᠢᠨ ᠣᠷᠣᠨ ᠲᠤᠭ᠎ᠠ 18 ᠪᠣᠢ᠂ ᠲᠣᠪᠴᠢᠶᠠᠨ ᠳᠤ ᠺᠠᠲᠠᠷ ᠠᠵᠢᠯᠲᠠᠨ | ᠨᠡᠢᠲᠠ 26 ᠪᠣᠢ᠃ ᠣᠲᠣ ᠮᠠᠨ ᠤ ᠬᠤᠰᠢᠭᠤᠨ ᠳᠤ ᠳᠤᠮᠳᠠᠳᠤ ᠪᠠᠭ᠎ᠠ ᠰᠤᠷᠭᠠᠭᠤᠯᠢ 5᠂ ᠬᠡᠤᠬᠡᠳ ᠤᠨ ᠴᠡᠴᠡᠷᠯᠢᠭ 2 | ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠳᠤ 2392 ᠨᠡᠷ᠎ᠡ ᠰᠣᠷᠣᠭᠴᠢ᠂ ᠴᠡᠴᠡᠷᠯᠢᠭ ᠲᠤ 717 ᠬᠡᠥᠬᠡᠳ ᠪᠠᠶᠢᠨ᠎ᠠ | ᠃ ᠪᠠᠭᠰᠢ ᠠᠵᠢᠯᠲᠠᠨ 475 ᠪᠠᠶᠢᠬᠤ ᠶᠢᠨ ᠳᠣᠲᠣᠷ᠎ᠠ ᠬᠢᠴᠢᠶᠡᠯᠡᠭᠴᠢ ᠪᠠᠭᠰᠢ 399 ᠪᠣᠶ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯᠡᠭᠴᠢ ᠪᠠᠭᠰᠢ ᠶᠢᠨ ᠰᠤᠷᠤᠯᠭ᠎ᠠ ᠶᠢᠨ ᠨᠠᠮᠲᠠᠷ ᠤᠨ ᠬᠢᠷᠢ | ᠲᠡᠩᠴᠡᠭᠰᠡᠨ ᠨᠣᠷᠮ᠎ᠠ ᠨᠢ ᠴᠥᠮ 100% ᠪᠣᠯᠤᠨ᠎ᠠ᠃ | ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶᠠᠨ ᠤ ᠰᠢᠭᠤᠳ ᠤᠳᠤᠷᠢᠳᠤᠯᠭ᠎ᠠ ᠪᠠ ᠵᠢᠭᠠᠨ ᠵᠢᠯᠤᠭᠤᠳᠤᠯᠭ᠎ᠠ ᠳᠤᠤᠷ᠎ᠠ᠂ | ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠨᠢ ᠴᠢᠨᠠᠷ ᠰᠠᠶᠢᠲᠠᠶ ᠬᠥᠭᠵᠢᠯᠲᠡ᠂ ᠣᠳᠣᠬᠢᠴᠢᠯᠠᠭᠰᠠᠨ | ᠬᠡᠯᠪᠡᠷᠢ ᠪᠥᠬᠦᠶ ᠰᠤᠷᠭᠠᠨ ᠬᠥᠮᠦᠵᠢᠯ ᠤᠨ ᠬᠦᠴᠦᠷᠬᠡᠭ ᠬᠤᠰᠢᠭᠤ ᠶᠢ ᠪᠠᠶᠢᠭᠤᠯᠬᠤ ᠪᠠᠷ | ᠡᠷᠡᠮᠡᠭᠡᠶᠢᠯᠡᠨ ᠤᠷᠤᠭᠰᠢᠯᠠᠵᠤ ᠪᠠᠶᠢᠨ᠎ᠠ᠃ ᠰᠤᠷᠭᠠᠭᠤᠯᠢ ᠶᠢᠨ ᠪᠠᠷᠢᠮᠵᠢᠶᠠᠵᠢᠭᠰᠠᠨ | ᠪᠠᠶᠢᠭᠤᠯᠤᠯᠲᠠ ᠶᠢ ᠴᠢᠩᠭᠠᠳᠬᠠᠬᠤ ᠠᠴᠠ ︽ᠰᠤᠷᠭᠠᠭᠤᠯᠢ ᠨᠢᠭᠡᠪᠦᠷᠢ ᠶᠢ ᠰᠠᠶᠢᠲᠤᠷ ᠡᠷᠭᠢᠯᠡᠬᠦ︾ ᠬᠦᠷᠲᠡᠯ᠎ᠡ᠂ ︽ | ᠨᠢᠭᠡ ᠶᠢ ᠴᠦ ᠣᠷᠬᠢᠭᠳᠠᠭᠤᠯᠬᠤ ᠥᠬᠡᠶ︾ ᠪᠠᠶᠢᠭᠰᠠᠨ ᠠᠴᠠ ︽ᠬᠡᠥᠬᠡᠳ ᠨᠢᠭᠡᠪᠦᠷᠢ ᠳᠤ ᠬᠡᠷᠡᠯ ᠭᠢᠯᠪᠠᠭ᠎ᠠ ᠪᠠᠨ | ᠰᠠᠴᠤᠷᠠᠭᠤᠯᠬᠤ ᠲᠣᠬᠢᠶᠠᠯ ᠣᠯᠭᠤᠬᠤ︾ ᠬᠦᠷᠬᠦ ᠨᠢ ᠥᠷᠭᠡᠨ ᠣᠯᠠᠨ ᠺᠠᠳ᠋ᠷ ᠪᠠᠭᠰᠢ ᠰᠤᠷᠤᠭᠴᠢᠳ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠨ ᠳᠡᠮᠵᠢᠭᠰᠡᠨ ᠤ ᠦᠷ᠎ᠡ ᠳ᠋ᠦᠩ ᠮᠥᠨ᠃ | ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠦᠷᠭᠦᠯᠵᠢᠯᠡᠨ ᠰᠤᠷᠭᠠᠨ ᠬᠥᠮᠦᠵᠢᠯ ᠢᠶᠠᠷ | ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠢ | ᠡᠷᠭᠢᠯᠡᠨ᠎ᠡ᠃ | | |