ᠬᠦᠪᠡᠭᠡᠲᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
ᠨᠡᠶᠢᠲᠡᠯᠡᠭᠰᠡᠨ ᠴᠠᠭ᠄
2024/6/25
     ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ 1946 ᠣᠨ ᠳᠤ ᠪᠠᠶᠢᠭᠤᠯᠤᠭᠳᠠᠵᠤ᠂ 6 ᠨᠡᠷ᠎ᠡ ᠨᠠᠮ ᠤᠨ ᠬᠤᠷᠢᠶᠠᠨ ᠤ ᠭᠡᠰᠢᠭᠦᠨ ᠲᠠᠢ᠂ ᠡᠭᠦᠨ ᠳᠤ ᠨᠠᠮ ᠤᠨ ᠬᠤᠷᠢᠶᠠᠨ ᠤ ᠱᠦᠵᠢ 1 ᠨᠡᠷ᠎ᠡ᠂ ᠨᠠᠮ ᠤᠨ ᠬᠤᠷᠢᠶᠠᠨ ᠤ ᠭᠡᠰᠢᠭᠦᠨ 5 ᠨᠡᠷ᠎ᠡ ᠪᠣᠶ᠃ ᠲᠣᠪᠴᠢᠶᠠᠨ ᠤ ᠨᠠᠮ ᠤᠨ ᠬᠤᠷᠢᠶᠠᠨ ᠤ ᠳᠣᠣᠷ᠎ᠠ 10 ᠨᠠᠮ ᠤᠨ ᠡᠭᠦᠷ ᠪᠠᠶᠢᠵᠤ᠂ ᠨᠡᠶᠢᠳᠡ 114 ᠨᠡᠷ᠎ᠡ ᠨᠠᠮ ᠤᠨ ᠭᠡᠰᠢᠭᠦᠨ ᠲᠠᠢ᠃ ᠤᠳᠤᠬᠠᠨ ᠳᠤ ᠲᠣᠪᠴᠢᠶᠠᠨ ᠳᠤ 214 ᠨᠡᠷ᠎ᠡ ᠠᠵᠢᠯᠳᠠᠨ ᠲᠠᠢ᠂ ᠡᠭᠦᠨ ᠳᠤ 76 ᠨᠡᠷ᠎ᠡ ᠠᠯᠪᠠᠲᠠᠨ᠂ 24 ᠨᠡᠷ᠎ᠡ ᠠᠵᠢᠯ ᠦᠢᠯᠡᠰ ᠤᠨ ᠠᠵᠢᠯᠲᠠᠨ᠂ 5 ᠨᠡᠷ᠎ᠡ ᠦᠢᠯᠡᠴᠢᠯᠡᠭᠡᠨ ᠤ ᠠᠵᠢᠯᠲᠠᠨ᠂ 109 ᠨᠡᠷ᠎ᠡ ᠲᠤᠰᠠᠯᠠᠬᠤ ᠴᠠᠭᠳᠠᠭ᠎ᠠ ᠪᠣᠶ᠃ ᠳᠣᠲᠣᠭᠠᠳᠤ ᠳᠠᠭᠠᠨ 13 ᠪᠠᠶᠢᠭᠤᠯᠤᠮᠵᠢ ᠲᠠᠢ᠂ 2 ᠬᠢᠨᠠᠨ ᠬᠠᠮᠢᠶᠠᠷᠬᠤ ᠲᠠᠯᠠᠪᠤᠷ᠂ 4 ᠲᠣᠮᠢᠯᠠᠭᠰᠠᠨ ᠪᠠᠶᠢᠭᠤᠯᠤᠮᠵᠢ ᠲᠠᠢ᠃ 2021 ᠣᠨ ᠳᠤ᠂ ᠲᠣᠰ ᠲᠣᠪᠴᠢᠶ᠎ᠠ 2 ᠤᠳᠠᠭ᠎ᠠ ᠠᠶᠢᠮᠠᠭ ᠤᠨ ᠱᠠᠲᠤᠨ ᠠᠴᠠ ᠳᠡᠭᠡᠭᠰᠢᠬᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠬᠥᠬᠢᠭᠦᠯᠦᠯ  ᠢ ᠬᠦᠷᠳᠡᠵᠤ ᠂ 2022 ᠣᠨ ᠳᠤ᠂ ᠲᠤᠪᠴᠢᠶᠠᠨ ᠤ ᠬᠢᠨᠠᠨ ᠪᠠᠶᠢᠴᠠᠭᠠᠬᠤ ᠬᠢᠨᠠᠨ ᠪᠤᠳᠤᠬᠤ ᠵᠠᠬᠢᠳᠠᠯ ᠰᠣᠷᠪᠤᠯᠵᠢᠯᠠᠭ᠎ᠠ ᠶᠢᠨ ᠶᠡᠭᠡ ᠠᠩᠭᠢ  ᠨᠢ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ  ᠬᠤᠶᠠᠳᠤᠭᠠᠷ ᠳᠡᠰ ᠤᠨ ᠰᠠᠩᠨᠠᠯ ᠶᠢ ᠬᠦᠷᠳᠡᠪᠡ︔ ᠠᠮᠢ ᠠᠬᠤᠢ  ᠣᠷᠴᠢᠨ ᠲᠣᠭᠤᠷᠢᠨ ᠢᠳᠡᠭᠡᠨ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ  ᠪᠤᠯᠤᠨ ᠰᠠᠬᠢᠨ ᠬᠤᠷᠢᠬᠤ ᠭᠠᠵᠠᠷ ᠨᠢ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠭᠤᠷᠪᠠᠳᠤᠭᠠᠷ ᠳᠡᠰ ᠤᠨ ᠬᠥᠬᠢᠭᠦᠯᠦᠯ  ᠢ ᠬᠦᠷᠳᠡᠭᠰᠡᠨ ᠪᠠᠶᠢᠨ᠎ᠠ᠃     2023 ᠣᠨ ᠳᠤ᠂ ᠲᠣᠰ ᠲᠤᠪᠴᠢᠶᠠᠨ ᠤ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ᠂ ᠪᠠᠶᠠᠨᠲᠠᠯ᠎ᠠ ᠲᠣᠮᠢᠯᠠᠭᠰᠠᠨ ᠰᠠᠯᠪᠤᠷᠢ ᠨᠢ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠲᠤ ᠶᠢᠨ ᠭᠤᠷᠪᠠᠳᠤᠭᠠᠷ ᠳᠡᠰ ᠤᠨ ᠬᠦᠬᠢᠭᠦᠯᠦᠯ  ᠢ ᠭᠥᠷᠳᠡᠪᠡ︔ ᠤᠯᠤᠰ ᠲᠥᠷᠥ ᠶᠢᠨ ᠠᠵᠢᠯ ᠤᠨ ᠠᠯᠪᠠᠨ ᠭᠡᠷ  ᠨᠢ 2022 ᠣᠨ ᠤ ᠤᠯᠤᠰ ᠲᠥᠷᠥ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠤᠨ ᠲᠣᠪᠣᠶᠢᠮ᠎ᠠ ᠬᠢᠷᠢ ᠪᠦᠲᠦᠮᠵᠢ ᠲᠠᠢ ᠨᠢᠭᠡᠴᠡ ᠪᠠᠷ ᠦᠨᠡᠯᠡᠭᠳᠡᠪᠡ︔ ᠳᠣᠯᠣᠳᠤᠭᠠᠷ ᠨᠠᠮ ᠤᠨ ᠡᠭᠦᠷ ᠨᠢ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠳᠠ ᠪᠠᠷ ᠦᠨᠡᠯᠡᠭᠳᠡᠭᠰᠡᠨ ᠪᠠᠶᠢᠨ᠎ᠠ︔ ᠭᠤᠷᠪᠠᠳᠤᠭᠠᠷ ᠂ ᠵᠢᠷᠭᠤᠳᠤᠭᠠᠷ ᠨᠠᠮ ᠤᠨ ᠡᠭᠦᠷ  ᠨᠢ 2022 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠪᠠᠷ ᠨᠠᠷᠡᠶᠢᠳᠦᠭᠳᠡᠪᠡ᠃ ᠣᠶᠢᠷ᠎ᠠ ᠶᠢᠨ ᠵᠢᠯ ᠠᠴᠠ᠂ ᠲᠤᠰ ᠲᠣᠪᠴᠢᠶ᠎ᠠ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠬᠤ᠂ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠣᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠭᠡᠷᠡᠴᠢᠯᠡᠯᠲᠡ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠶᠢ ᠴᠢᠩᠭ᠎ᠠ ᠠᠳᠬᠤᠬᠤ᠂ ᠳᠣᠲᠣᠭᠠᠳᠤ ᠶᠢ ᠬᠠᠮᠠᠭᠠᠯᠠᠬᠤ ᠪᠠᠲᠤ ᠴᠢᠩᠭ᠎ᠠ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠪᠠᠷ ᠬᠦᠴᠦᠯᠡᠬᠦ ᠴᠡᠭ ᠪᠣᠯᠭᠠᠬᠤ ᠶᠢ ᠪᠠᠷᠢᠮᠲᠠᠯᠠᠪᠠ᠃ ᠪᠥᠬᠦ ᠬᠤᠰᠢᠭᠤᠨ ᠤ ᠤᠯᠤᠰ ᠲᠥᠷᠥ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠠᠮᠢᠨ ᠬᠡᠷᠡᠭ ᠳᠠᠷᠤᠭᠳᠠᠮᠠᠯ ᠬᠡᠷᠡᠭ ᠢ ᠪᠦᠬᠦᠨ ᠢ ᠢᠯᠡᠷᠡᠭᠦᠯᠵᠦ ᠂ ᠠᠮᠤᠷ ᠲᠦᠪᠰᠢᠨ ᠤ ᠰᠡᠷᠭᠡᠶᠢᠯᠡᠨ ᠵᠠᠰᠠᠬᠤ ᠲᠣᠣᠷ ᠰᠦᠯᠵᠢᠶ᠎ᠡ ᠶᠢ ᠢᠳᠡᠭ ᠢᠳᠡᠭ ᠢᠶᠠᠷ ᠲᠡᠭᠦᠯᠳᠡᠷᠵᠢᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠮᠡᠳᠡᠭᠳᠡᠮ᠎ᠡ ᠳᠡᠭᠡᠭᠰᠢᠯᠡᠭᠰᠡᠨ ᠣᠮᠣᠭᠰᠢᠯᠲᠠᠢ ᠠᠮᠵᠢᠯᠲᠠ ᠪᠦᠲᠦᠮᠵᠢ ᠣᠯᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号