ᠬᠦᠪᠡᠭᠡᠲᠦ ᠰᠢᠷ᠎ᠠ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/6/25
      ᠬᠥᠪᠡᠭᠡᠲᠦ ᠰᠢᠷ᠎ᠠ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠣᠯ ᠬᠤᠰᠢᠭᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠡᠰ ᠪᠣᠯᠤᠨ᠎ᠠ᠃ ᠳᠣᠲᠣᠭᠠᠳᠤ ᠳᠠᠭᠠᠨ ᠠᠯᠪᠠᠨ ᠬᠡᠷ᠂ ᠠᠷᠠᠳ ᠲᠦᠮᠡᠨ ᠣᠷᠣᠯᠴᠠᠬᠤ ᠪᠠ ᠬᠠᠤᠯᠢ ᠪᠠᠷ ᠵᠠᠰᠠᠬᠤ ᠶᠢ ᠠᠬᠢᠭᠤᠯᠬᠤ ᠲᠠᠰᠤᠭ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠠᠵᠢᠯ ᠤᠨ ᠲᠠᠰᠤᠭ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠤᠯᠢᠴᠢ ᠶᠢᠨ ᠠᠵᠢᠯ ᠤᠨ ᠲᠠᠰᠤᠭ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶ᠋ᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ ᠨᠠᠷᠢᠨ ᠪᠢᠴᠢᠭᠡᠴᠢ ᠶᠢᠨ ᠲᠠᠰᠤᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠬᠤ ᠲᠠᠰᠤᠭ ᠵᠡᠷᠭᠡ 9 ᠲᠠᠰᠤᠭ ᠪᠠᠢᠵᠤ᠂ ᠳᠣᠤᠷ᠎ᠠ ᠪᠠᠨ 4 ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠪᠠᠢᠵᠤ᠂ ᠬᠠᠷᠢᠶ᠎ᠠ ᠪᠦᠬᠦᠢ ᠠᠵᠢᠯ ᠦᠶ᠋ᠯᠡᠰ ᠤᠨ ᠨᠢᠭᠡᠴᠡ ᠨᠢ ᠠᠯᠪᠠᠨ ᠭᠡᠷᠡᠴᠢᠯᠡᠭᠡ ᠶᠢᠨ ᠭᠠᠵᠠᠷ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠶᠢ ᠵᠠᠰᠠᠬᠤ ᠵᠥᠪᠯᠡᠯ ᠤᠨ ᠠᠯᠪᠠᠨ ᠭᠡᠷ ᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠳᠤ ᠲᠣᠬᠢᠷᠠᠭᠤᠯᠵᠠᠢ᠃ ᠣᠳᠣ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠨᠡᠶᠢᠲᠡ 32 ᠣᠷᠣᠨ ᠲᠤᠭ᠎ᠠ ᠪᠣᠶ᠂ ᠡᠭᠦᠨ ᠳᠤ ᠤᠯᠤᠰ ᠲᠥᠷᠥ ᠬᠠᠤᠯᠢ ᠴᠠᠭᠠᠵᠠ ᠶᠢᠨ ᠲᠤᠰᠬᠠᠶ ᠣᠷᠣᠨ ᠲᠤᠭ᠎ᠠ 28 ᠨᠡᠷ᠎ᠡ᠂ ᠠᠵᠢᠯ ᠦᠶ᠋ᠯᠡᠰ ᠤᠨ ᠣᠷᠣᠨ ᠲᠤᠭ᠎ᠠ 3 ᠨᠡᠷ᠎ᠡ᠂ ᠠᠵᠢᠯ ᠤᠨ ᠦᠶ᠋ᠯᠡᠴᠢᠯᠡᠭᠡᠨ ᠤ ᠣᠷᠣᠨ ᠲᠤᠭ᠎ᠠ 1 ᠨᠡᠷ᠎ᠡ ᠪᠣᠶ᠃      ᠬᠥᠪᠡᠭᠡᠲᠦ ᠰᠢᠷ᠎ᠠ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠶᠠᠪᠤᠴᠠ ᠳᠤ ᠨᠠᠮ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠪᠠᠨ ᠵᠠᠰᠠᠬᠤ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠬᠦᠷᠬᠡᠯᠡᠨ᠂ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶ᠋ᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠬᠦᠷᠭᠡᠯᠡᠨ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠦ᠂ ᠶᠡᠷᠦᠩᠭᠡᠢᠯᠡᠨ ᠲᠣᠬᠢᠷᠠᠭᠤᠯᠬᠤ ᠡᠬᠦᠷᠭᠡ ᠶᠢ ᠬᠠᠷᠢᠭᠤᠴᠠᠵᠤ᠂ ᠬᠤᠰᠢᠭᠤᠨ ᠤ ᠬᠠᠤᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠢᠨᠠᠨ ᠬᠠᠮᠢᠶᠠᠷᠴᠦ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠰᠠᠯᠪᠤᠷᠢ ᠤᠨ ᠪᠠᠶᠢᠭᠤᠯᠤᠯᠲᠠ ᠪᠠ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ᠂ ᠲᠥᠪᠬᠢᠨᠡᠭᠦᠯᠦᠨ ᠬᠠᠪᠰᠤᠷᠤᠨ ᠰᠤᠷᠭᠠᠬᠤ ᠡᠯ᠎ᠡ ᠵᠦᠢᠯ ᠤᠨ ᠠᠵᠢᠯ ᠳᠤ ᠬᠢᠨᠠᠯᠲᠠ ᠲᠠᠯᠪᠢᠨ ᠵᠢᠯᠤᠭᠤᠳᠴᠦ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠪᠠᠶᠢᠭᠤᠯᠤᠯᠲᠠ ᠪᠠ ᠦᠵᠡᠯ ᠰᠠᠨᠠᠭ᠎ᠠ ᠣᠪᠣᠷ ᠰᠤᠷᠲᠠᠯ᠂ ᠠᠵᠢᠯ ᠤᠨ ᠰᠤᠷᠲᠠᠯ ᠢ ᠵᠢᠯᠣᠭᠤᠳᠤᠨ ᠬᠢᠨᠠᠯᠲᠠ ᠲᠠᠯᠪᠢᠵᠦ᠂ ᠮᠥᠨᠴᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠬᠠᠮᠳᠤ ᠳᠤ ᠨᠢ ᠪᠡᠶᠡᠯᠡᠬᠦᠯᠵᠦ ᠪᠠᠢᠨ᠎ᠠ᠃       
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号