ᠨᠢᠭᠡ᠂ ᠳᠤᠪᠴᠢᠶᠠᠨ ᠤ ᠦᠨᠳᠦᠰᠦᠨ ᠪᠠᠶᠢᠳᠠᠯ | 2019 ᠣᠨ ᠳᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠳᠠᠷᠠᠭ᠎ᠠ ᠬᠥᠪᠡᠭᠡᠲᠦ ᠰᠢᠷ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ | ᠲᠣᠪᠴᠢᠶ᠎ᠠ ᠶᠢ ᠪᠠᠶᠢᠭᠤᠯᠪᠠ᠂ ᠵᠢᠩᠬᠢᠨᠢ ᠰᠠᠯᠠᠭᠠᠨ ᠲᠠᠰ ᠤᠨ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ ᠪᠤᠯᠤᠨ᠎ᠠ᠂ ᠲᠥᠪ ᠤᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠠᠵᠢᠯ ᠤᠨ | ᠲᠤᠬᠠᠶ ᠴᠢᠭᠯᠡᠯᠲᠡ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ | ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠶᠠᠪᠤᠴᠠ ᠳᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠳᠣᠲᠣᠭᠠᠳᠤ ᠪᠠᠶᠢᠭᠤᠯᠤᠮᠵᠢ 4 ᠶᠢ | ᠳᠤᠬᠢᠷᠠᠭᠤᠯᠪᠠ᠃ ᠬᠢᠨᠠᠨ ᠲᠣᠭᠲᠠᠭᠠᠭᠰᠠᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠨᠢ ᠳᠣᠪᠴᠢᠶᠠᠨ ᠳᠠᠷᠤᠭ᠎ᠠ | 1 ᠨᠡᠷ᠎ᠡ᠂ ᠳᠡᠳ᠋ ᠳᠤᠪᠴᠢᠶᠠᠨ ᠳᠠᠷᠤᠭ᠎ᠠ 3 ᠨᠡᠷ᠎ᠡ ᠪᠠᠶᠢᠵᠤ᠂ ᠣᠳᠣᠬᠠᠨ ᠳᠤ ᠮᠠᠨ ᠤ ᠲᠣᠪᠴᠢᠶ᠎ᠠ ᠨᠢ 1 ᠨᠡᠷ᠎ᠡ | ᠲᠣᠪᠴᠢᠶᠠᠨ ᠳᠠᠷᠤᠭ᠎ᠠ᠂ 3 ᠨᠡᠷ᠎ᠡ ᠳᠡᠳ᠋ ᠲᠣᠪᠴᠢᠶᠠᠨ ᠳᠠᠷᠤᠭ᠎ᠠ ᠲᠣᠬᠢᠷᠠᠭᠤᠯᠵᠤ᠂ ᠬᠢᠨᠠᠨ ᠲᠣᠭᠲᠠᠭᠠᠭᠰᠠᠨ | ᠤᠳᠤᠷᠢᠳᠬᠤ ᠲᠤᠰᠢᠶᠠᠯ ᠤᠨ ᠲᠤᠭ᠎ᠠ ᠳᠤ ᠨᠡᠶᠢᠴᠡᠨ᠎ᠡ᠃ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ | ᠮᠡᠷᠭᠡᠵᠢᠯ ᠤᠨ ᠰᠢᠰᠲ᠋ᠧᠮ ᠤᠨ ᠺᠠᠳ᠋ᠷ ᠠᠵᠢᠯᠲᠠᠨ ᠨᠡᠶᠢᠲᠡ 57 ᠬᠥᠮᠦᠨ ᠪᠠᠶᠢᠵᠤ᠂ ᠡᠭᠦᠨ ᠳᠤ ᠵᠠᠰᠠᠭ ᠵᠠᠬᠢᠷᠭᠠᠨ ᠤ | ᠣᠷᠣᠨ ᠲᠤᠭ᠎ᠠ 7 ᠬᠦᠮᠦᠨ᠂ ᠤᠯᠤᠰ ᠤᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠪᠠᠶᠢᠭᠤᠯᠭ᠎ᠠ | ᠨᠢᠭᠡᠴᠢ ᠶᠢᠨ ᠣᠷᠣᠨ ᠲᠤᠭ᠎ᠠ 17 ᠬᠥᠮᠦᠨ᠂ ᠠᠵᠢᠯ ᠦᠢᠯᠡᠰ ᠤᠨ ᠣᠷᠣᠨ ᠲᠤᠭ᠎ᠠ ︵ᠦᠢᠯᠡᠴᠢᠯᠡᠭᠡᠨ ᠤ ᠠᠵᠢᠯ ᠤᠨ | ᠤᠷᠤᠨ ᠲᠤᠭ᠎ᠠ ᠶᠢ ᠪᠠᠭᠲᠠᠭᠠᠨ᠎ᠠ︶ 33 ᠬᠥᠮᠦᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠬᠦᠳᠡᠭᠡ ᠳᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠳᠤᠪᠴᠢᠶᠠᠨ ᠳᠤ | ᠳᠣᠭᠢᠷᠠᠭᠤᠯᠵᠤ᠂ ᠬᠤᠰᠢᠭᠤ ᠨᠠᠮ ᠤᠨ ᠬᠤᠷᠢᠶᠠᠨ ᠤ ᠬᠦᠳᠡᠭᠡ ᠳᠤᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠬᠤᠶᠠᠷ᠂ ᠲᠣᠪᠴᠢᠶ᠎ᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠪᠠᠶᠢᠳᠠᠯ | 2021 ᠣᠨ ᠳᠤ᠂ ᠪᠦᠬᠦ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠪᠠᠷ ᠳᠡᠮᠵᠢᠨ᠂ | ᠬᠤᠰᠢᠭᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠳᠤᠪᠴᠢᠶᠠᠨ ᠤ ᠬᠠᠷᠢᠶ᠎ᠠ ᠠᠵᠢᠯ | ᠦᠢᠯᠡᠰ ᠤᠨ ᠪᠠᠶᠢᠭᠤᠯᠭ᠎ᠠ ᠨᠢᠭᠡᠴᠡ ᠶᠢ 5 ᠪᠣᠯᠭᠠᠨ ᠲᠣᠬᠢᠷᠠᠭᠤᠯᠵᠤ᠂ ᠡᠭᠦᠨ ᠳᠤ ᠳᠡᠳ᠋ ᠰᠠᠯᠠᠭᠠᠨ ᠲᠠᠰ ᠤᠨ ᠠᠵᠢᠯ | ᠦᠢᠯᠡᠰ ᠤᠨ ᠪᠠᠶᠢᠭᠤᠯᠭ᠎ᠠ ᠨᠢᠭᠡᠴᠡ 4 ᠪᠠᠶᠢᠵᠤ᠂ ᠲᠣᠰ ᠲᠣᠰ ᠮᠠᠯ ᠠᠵᠤ ᠠᠬᠤᠶ ᠶᠢᠨ ᠠᠵᠢᠯᠯᠠᠬᠤ ᠥᠷᠲᠡᠭᠡ᠂ | ᠠᠮᠢᠲᠠᠨ ᠤ ᠬᠢᠵᠢᠭ ᠡᠪᠡᠳᠴᠢᠨ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠥᠪ᠂ ᠲᠠᠷᠢᠶᠠᠯᠠᠩ ᠮᠠᠯ ᠠᠵᠤ | ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠲᠦᠭᠡᠮᠡᠯᠵᠢᠭᠦᠯᠬᠦ ᠲᠥᠪ ︵ᠬᠥᠪᠡᠭᠡᠲᠦ ᠰᠢᠷ᠎ᠠ ᠬᠤᠰᠢᠭᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ︶ ᠪᠤᠯᠤᠨ᠎ᠠ︔ ᠳᠠᠰᠤᠭ ᠤᠨ ᠲᠠᠰ ᠤᠨ ᠠᠵᠢᠯ | ᠦᠢᠯᠡᠰ ᠤᠨ ᠪᠠᠶᠢᠭᠤᠯᠭ᠎ᠠ ᠨᠢᠭᠡᠴᠡ 1 ᠪᠠᠶᠢᠵᠤ᠂ ᠲᠤᠬᠠᠶᠢᠯᠠᠪᠠᠯ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ | ᠮᠡᠷᠭᠡᠵᠢᠯ ᠤᠨ ᠳᠤᠪᠴᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠪᠣᠯᠤᠨ᠎ᠠ᠃ | ᠭᠤᠷᠪᠠ᠂ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠶᠢᠳᠠᠯ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠰᠢᠰᠲ᠋ᠧᠮ ᠲᠤ 4 ᠨᠠᠮ ᠤᠨ ᠡᠭᠦᠷ ᠭᠠᠷᠭᠠᠵᠤ᠂ | ᠲᠣᠰ ᠲᠣᠰ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠳᠤᠪᠴᠢᠶᠠᠨ ᠤ ᠨᠠᠮ ᠤᠨ ᠡᠭᠦᠷ᠂ | ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ | ᠨᠠᠮ ᠤᠨ ᠡᠭᠦᠷ᠂ ᠮᠠᠯ ᠠᠵᠤ ᠠᠬᠤᠶ ᠶᠢᠨ ᠠᠵᠢᠯᠯᠠᠬᠤ ᠦᠷᠲᠡᠭᠡᠨ ᠤ ᠨᠠᠮ ᠤᠨ ᠡᠭᠦᠷ᠂ ᠠᠮᠢᠲᠠᠨ ᠤ ᠬᠢᠵᠢᠭ | ᠡᠪᠡᠳᠴᠢᠨ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠥᠪ ᠪᠠ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ | ᠲᠦᠭᠡᠮᠡᠯᠵᠢᠭᠦᠯᠬᠦ ᠲᠥᠪ ᠤᠨ ᠬᠠᠮᠲᠤᠷᠠᠭᠰᠠᠨ ᠨᠠᠮ ᠤᠨ ᠡᠭᠦᠷ ᠵᠡᠷᠭᠡ ᠪᠣᠯᠤᠨ᠎ᠠ᠃ ᠪᠦᠬᠦ ᠰᠢᠰᠲ᠋ᠧᠮ ᠤᠨ ᠠᠵᠢᠯ ᠳᠤ | ᠪᠠᠶᠢᠭ᠎ᠠ ᠨᠠᠮ ᠤᠨ ᠭᠡᠰᠢᠭᠦᠨ ᠨᠡᠶᠢᠲᠡ 25 ᠬᠦᠮᠦᠨ ᠪᠠᠶᠢᠨ᠎ᠠ᠃ |