ᠬᠦᠪᠡᠭᠡᠲᠦ ᠰᠢᠷ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/6/25
       ᠬᠦᠪᠡᠭᠡᠳᠤ ᠰᠢᠷ᠎ᠠ ᠬᠤᠰᠢᠭᠤᠨ ᠤ ᠲᠤᠭ᠎ᠠ ᠪᠦᠷᠢᠳᠬᠡᠯ ᠤᠨ ᠲᠤᠪᠴᠢᠶ᠎ᠠ ᠨᠢ ᠵᠠᠰᠠᠭ ᠤᠨ ᠤᠷᠳᠤᠨ ᠤ ᠪᠦᠷᠢᠯᠳᠤᠬᠦᠨ ᠨᠢᠭᠡᠴᠡ᠂ ᠠᠯᠪᠡᠨ ᠭᠡᠷ᠂ ᠶᠠᠷᠤᠩᠬᠡᠶᠢᠯᠡᠭᠰᠡᠨ ᠬᠤᠪᠢ ᠤᠷᠤᠭᠤᠯᠬᠤ ᠠᠯᠪᠡᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠠᠯᠪᠡᠨ ᠭᠡᠷ᠂ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ ᠡᠨᠧᠷᠬᠢ ᠶᠢᠨ ᠰᠤᠷᠪᠤᠯᠵᠢ ᠶᠢᠨ ᠲᠠᠰᠤᠭ᠂ ᠦᠢᠯᠡᠴᠢᠯᠡᠭᠡᠨ ᠤ ᠦᠢᠯᠡᠰ ᠵᠡᠷᠭᠡ5 ᠲᠤᠳᠤᠭᠠᠳᠤ ᠪᠠᠶᠢᠭᠤᠯᠤᠮᠵᠢ ᠪᠠ ᠨᠢᠭᠡ ᠲᠠᠰᠤᠭ ᠤᠨ ᠲᠡᠰ ᠤᠨ ᠠᠵᠢᠯ ᠦᠢᠯᠡᠰ ᠤᠨ ᠨᠢᠭᠡᠴᠡ—— ᠲᠤᠭ᠎ᠠ ᠪᠦᠷᠢᠳᠭᠡᠯ ᠤᠨ ᠲᠦᠪ ᠪᠤᠢ᠃ ᠨᠡᠶᠢᠳᠡ  ᠪᠦᠷᠢᠳᠭᠦᠯᠤᠭ᠍ᠰᠡᠨ ᠵᠠᠰᠠᠭ ᠵᠠᠬᠢᠷᠭᠠᠨ ᠤ ᠤᠷᠤᠨ ᠲᠤᠭ᠎ᠠ 8 ᠪᠤᠢ᠂ ᠠᠵᠢᠯ ᠦᠢᠯᠡᠰ ᠤᠨ ᠤᠷᠤᠨ ᠲᠤᠭ᠎ᠠ 6 ᠪᠤᠢ᠃       ᠭᠣᠣᠯ ᠡᠬᠦᠷᠭᠡ ᠬᠠᠷᠢᠭᠤᠴᠠᠯᠭ᠎ᠠ᠄ ᠤᠯᠤᠰ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠡ ᠪᠦᠬᠦᠢ ᠲᠤᠭ᠎ᠠ ᠪᠦᠷᠢᠳᠭᠡᠯ ᠤᠨ ᠠᠵᠢᠯ ᠤᠨ ᠲᠠᠯ᠎ᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠲᠦᠷᠤ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠲᠦᠷᠢᠮᠵᠢᠯ᠂ ᠪᠠᠷᠢᠮᠵᠢᠶ᠎ᠡ ᠶᠢ ᠲᠤᠭᠳᠠᠭᠠᠵᠤ᠂ ᠲᠤᠭ᠎ᠠ ᠪᠦᠷᠢᠳᠬᠡᠯ  ᠤᠨ ᠠᠵᠢᠯ ᠨᠢ ᠬᠠᠤᠯᠢ  ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ᠂ ᠲᠦᠷᠢᠮᠵᠢᠯ᠂ ᠪᠠᠷᠢᠮᠵᠢᠶ᠎ᠡ ᠶᠢᠨ ᠲᠠᠭᠠᠤ ᠶᠠᠪᠤᠭᠳᠠᠬᠤ ᠶᠢ ᠬᠢᠨᠡᠨ ᠪᠠᠶᠢᠴᠠᠭᠠᠨ᠎ᠠ᠃ ᠪᠦᠬᠦ ᠬᠤᠰᠢᠭᠤᠨ ᠤ ᠭᠠᠵᠠᠷ ᠤᠷᠤᠨ ᠤ ᠶᠠᠷᠤᠩᠬᠡᠶᠢᠯᠡᠭᠰᠡᠨ ᠦᠷᠳᠡᠭ  ᠤᠨ ᠬᠠᠷᠭᠤᠭᠤᠯᠤᠨ ᠪᠤᠳᠤᠬᠤ᠂ ᠦᠨᠳᠤᠰᠤᠨ ᠨᠢᠭᠡᠴᠡ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠤᠷᠢ᠂ ᠡᠨᠧᠷᠬᠢ ᠶᠢᠨ ᠰᠤᠷᠪᠤᠯᠵᠢ᠂ ᠲᠤᠭᠳᠠᠮᠠᠯ ᠬᠦᠷᠤᠩᠭᠡ ᠶᠢᠨ ᠪᠡᠯᠡ ᠤᠷᠤᠭᠤᠯᠤᠯᠳᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠦᠷᠤᠩᠭᠡ ᠶᠢᠨ ᠦᠢᠯᠡᠰ᠂ ᠬᠦᠳᠡᠯᠮᠤᠷᠢ ᠴᠠᠯᠢᠩ  ᠤᠨ ᠦᠢᠯᠡᠰ᠂ ᠠᠷᠠᠯᠵᠢᠶᠠᠨ ᠤ ᠦᠢᠯᠡᠰ᠂ ᠦᠢᠯᠡᠴᠢᠯᠡᠬᠡᠨ ᠤ ᠦᠢᠯᠡᠰ ᠵᠡᠷᠭᠡ ᠠᠵᠢᠯ ᠲᠦᠷᠤᠯ ᠤᠨ ᠲᠤᠰᠬᠠᠢ  ᠮᠡᠷᠭᠡᠵᠢᠯ ᠤᠨ ᠮᠡᠳᠡᠬᠦᠯᠬᠦ  ᠬᠦᠰᠤᠨᠤᠭ᠍ᠳᠤ ᠶᠢᠨ ᠮᠠᠲ᠋ᠧᠷᠢᠶᠠᠯ ᠴᠤᠭᠯᠠᠭᠤᠯᠬᠤ᠂ ᠬᠢᠨᠡᠨ ᠬᠠᠷᠭᠤᠭᠤᠯᠬᠤ᠂ ᠲᠤᠭ᠎ᠠ ᠪᠢᠷᠢᠮᠳᠠ ᠶᠢ ᠰᠢᠢᠳᠪᠤᠷᠢᠯᠡᠬᠦ ᠵᠡᠷᠭᠡ ᠠᠵᠢᠯ ᠢ ᠬᠢᠨ᠎ᠡ᠃ ᠲᠤᠭ᠎ᠠ ᠪᠦᠷᠢᠳᠬᠡᠯ ᠢ ᠨᠡᠶᠢᠳᠡᠯᠡᠬᠦ ᠠᠵᠢᠯ᠂ ᠪᠦᠬᠦ ᠬᠤᠰᠢᠭᠤᠨ ᠤ ᠠᠵᠤ ᠠᠬᠤᠢ ᠶᠢᠨ ᠪᠠᠶᠢᠳᠠᠯ  ᠤᠨ ᠬᠠᠨᠳᠤᠰᠢ ᠶᠢ ᠬᠢᠨᠡᠨ ᠬᠡᠮᠵᠢᠵᠤ᠂ ᠠᠵᠤ ᠠᠬᠤᠢ ᠶᠢᠨ ᠡᠷᠬᠢᠯᠳᠡ ᠶᠢᠨ ᠬᠠᠨᠳᠤᠰᠢ ᠪᠤᠯᠤᠨ ᠬᠦᠭᠵᠢᠯᠳᠡ ᠶᠢᠨ  ᠴᠢᠭᠯᠡᠯ ᠢ  ᠵᠠᠳᠠᠯᠤᠨ ᠰᠢᠨᠵᠢᠯᠡᠬᠦ ᠪᠤᠯᠤᠨ᠎ᠠ᠃ ᠬᠦᠮᠤᠨ ᠠᠮᠠ ᠶᠢᠨ ᠨᠡᠶᠢᠳᠠᠮ ᠪᠠᠶᠢᠴᠠᠭᠠᠯᠳᠠ᠂ ᠲᠠᠷᠢᠶᠠᠯᠠᠩ ᠮᠠᠯ ᠠᠵᠤ ᠠᠬᠤᠢ ᠶᠢᠨ ᠪᠠᠶᠢᠴᠭᠠᠯᠳᠠ᠂ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠵᠢᠴᠢ ᠬᠦᠮᠦᠨ ᠠᠮᠠ ᠶᠢᠨ ᠰᠤᠩᠭᠤᠨ ᠪᠠᠶᠢᠴᠠᠭᠠᠬᠤ ᠵᠡᠷᠭᠡ ᠡᠯ᠎ᠡ ᠲᠦᠷᠤᠯ ᠤᠨ ᠲᠤᠮᠤ ᠬᠡᠯᠪᠡᠷᠢ ᠶᠢᠨ ᠪᠠᠶᠢᠴᠠᠭᠠᠯᠳᠠ  ᠶᠢᠨ ᠡᠬᠦᠷᠭᠡ ᠶᠢ ᠪᠡᠶᠡᠯᠡᠬᠦᠯᠤᠨ᠎ᠠ᠃ ᠬᠠᠤᠯᠢ ᠶᠤᠰᠤᠭᠠᠷ  ᠪᠦᠬᠦ ᠬᠤᠰᠢᠭᠤᠨ ᠤ ᠡᠯ᠎ᠡ ᠪᠠᠶᠢᠭᠤᠯᠤᠯᠭ᠎ᠠ ᠨᠢᠭᠡᠴᠡ ᠶᠢᠨ ᠲᠤᠭ᠎ᠠ ᠪᠦᠷᠢᠳᠬᠡᠯ ᠤᠨ ᠲᠦᠷᠤᠯ ᠵᠦᠢᠯ  ᠢ ᠬᠢᠨᠡᠨ ᠵᠦᠪᠰᠢᠶᠡᠷᠡᠬᠦ ᠪᠤᠶᠤ  ᠲᠡᠮᠳᠡᠭᠯᠡᠨ ᠪᠦᠷᠢᠳᠬᠡᠵᠤ᠂ ᠲᠤᠰᠬᠠᠢ ᠮᠡᠷᠭᠡᠵᠢᠯ ᠤᠨ ᠪᠦᠬᠦᠢ ᠲᠤᠭ᠎ᠠ ᠪᠦᠷᠢᠳᠬᠡᠯ ᠤᠨ ᠦᠨᠳᠤᠰᠤᠨ ᠠᠵᠢᠯ  ᠢ ᠵᠢᠯᠤᠭᠤᠳᠤᠨ ᠲᠠᠭᠠᠭᠤᠯᠵᠤ᠂ ᠲᠤᠭ᠎ᠠ ᠪᠦᠷᠢᠳᠭᠡᠯ ᠤᠨ ᠴᠢᠨᠠᠷ ᠴᠢᠨᠰᠠᠭ᠎ᠠ ᠶᠢ ᠬᠠᠷᠭᠤᠭᠤᠯᠬᠤ᠂ᠬᠢᠨᠡᠨ ᠪᠠᠶᠢᠴᠠᠭᠠᠬᠤ ᠪᠤᠯᠤᠨ ᠲᠦᠷᠢᠮᠵᠢᠯ ᠢ ᠦᠨᠡᠯᠡᠨ ᠵᠢᠱᠢᠬᠦ ᠠᠵᠢᠯ ᠢ ᠲᠡᠭᠦᠯᠳᠡᠷᠵᠢᠬᠦᠯᠵᠤ᠂ ᠭᠤᠤᠯᠳᠠᠯᠭ᠎ᠠ ᠲᠠᠢ ᠲᠤᠭ᠎ᠠ ᠪᠦᠷᠢᠳᠬᠡᠯ  ᠢ ᠬᠠᠷᠭᠤᠭᠤᠯᠤᠨ ᠪᠠᠶᠢᠴᠠᠭᠠᠬᠤ᠂ ᠬᠢᠨᠡᠨ ᠪᠠᠶᠢᠴᠠᠭᠠᠬᠤ ᠪᠤᠯᠤᠨ ᠵᠢᠱᠢᠨ ᠦᠨᠡᠯᠡᠬᠦ ᠠᠵᠢᠯ ᠢ ᠦᠷᠨᠢᠬᠦᠯᠤᠨ᠎ᠠ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ  ᠤᠨ ᠬᠠᠤᠯᠢ ᠶᠢ ᠵᠦᠷᠢᠴᠡᠭᠰᠡᠨ ᠮᠡᠳᠡᠬᠦᠯᠤᠯᠳᠠ ᠪᠤᠶᠤ  ᠬᠠᠤᠯᠢ ᠶᠢ ᠵᠦᠷᠢᠴᠡᠭᠰᠡᠨ ᠠᠵᠢᠯᠯᠠᠭ᠎ᠠ ᠬᠢᠨᠡᠨ ᠪᠠᠶᠢᠴᠠᠭᠠᠬᠤ᠂ ᠰᠢᠢᠳᠪᠦᠷᠢᠯᠡᠬᠦ᠂ ᠬᠦᠢᠴᠡᠳᠬᠡᠬᠦ ᠪᠤᠯᠤᠨ᠎ᠠ᠂ ᠮᠦᠨᠴᠤ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢ ᠲᠦᠬᠡᠮᠠᠯᠵᠢᠬᠦᠯᠬᠦ ᠪᠤᠯᠤᠨ᠎ᠠ᠃ ᠰᠤᠮᠤ ᠪᠠᠯᠭᠠᠰᠤᠨ  ᠤ ᠲᠤᠭ᠎ᠠ ᠪᠦᠷᠢᠳᠬᠡᠯ ᠤᠨ ᠠᠵᠢᠯ ᠤᠨ ︽ᠨᠠᠢᠮᠠ ᠶᠢ ᠪᠦᠷᠢᠨᠰᠢᠭᠦᠯᠬᠦ ᠪᠠ ᠨᠠᠢᠮᠠ ᠶᠢ ᠪᠠᠷᠢᠮᠵᠢᠶᠠᠵᠢᠭᠤᠯᠬᠤ︾ ᠠᠵᠢᠯ  ᠤᠨ ᠭᠤᠤᠯ ᠠᠭᠤᠯᠭ᠎ᠠ ᠪᠤᠯᠬᠤ ᠲᠤᠭ᠎ᠠ ᠪᠦᠷᠢᠳᠬᠡᠯ ᠤᠨ ᠦᠨᠳᠤᠰᠤᠨ ᠱᠠᠳᠤᠨ ᠤ ᠪᠦᠳᠤᠭᠡᠨ ᠪᠠᠶᠢᠭᠤᠯᠤᠯᠳᠠ ᠶᠢᠨ ᠠᠵᠢᠯ ᠢ ᠵᠢᠯᠤᠭᠤᠳᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号