1949 ᠣᠨ ᠤ 4 ᠰᠠᠷ᠎ᠠ ᠳᠤ ᠬᠤᠰᠢᠭᠤᠨ ᠤ ᠵᠠᠰᠠᠭ ᠤᠨ ᠣᠷᠳᠣᠨ ᠬᠠᠩᠭᠠᠨ ᠪᠣᠷᠣᠯᠠᠭᠤᠯᠬᠤ ᠰᠠᠯᠠᠭ᠎ᠠ | ᠪᠠᠶᠢᠭᠤᠯᠪᠠ᠃ 1958 ᠣᠨ ᠳᠤ ᠬᠠᠩᠭᠠᠨ ᠪᠣᠷᠣᠯᠠᠭᠤᠯᠬᠤ ᠰᠠᠯᠠᠭ᠎ᠠ ᠶᠢ ᠬᠤᠳᠠᠯᠳᠤᠭᠠᠨ ᠤ ᠲᠣᠪᠴᠢᠶ᠎ᠠ ᠲᠠᠢ | ᠨᠡᠶᠢᠯᠡᠭᠦᠯᠪᠡ᠃ 1973 ᠣᠨ ᠤ 3 ᠰᠠᠷ᠎ᠠ ᠳᠤ ᠬᠠᠩᠭᠠᠨ ᠪᠣᠷᠣᠯᠠᠭᠤᠯᠬᠤ ᠰᠠᠯᠠᠭ᠎ᠠ ᠬᠤᠳᠠᠯᠳᠤᠭᠠᠨ ᠤ ᠲᠣᠪᠴᠢᠶ᠎ᠠ | ᠠᠴᠠ ᠤᠬᠤᠷᠢᠨ ᠭᠠᠷᠴᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠰᠢᠨ᠎ᠡ ᠪᠠᠷ ᠪᠠᠶᠢᠭᠤᠯᠪᠠ᠃ 1992 ᠣᠨ ᠳᠤ | ᠬᠥᠪᠡᠭᠡᠲᠦ ᠰᠢᠷ᠎ᠠ ᠬᠤᠰᠢᠭᠤᠨ ᠤ ᠠᠵᠢᠯᠲᠠᠨ ᠤ ᠶᠠᠪᠤᠳᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ᠂ | ᠬᠥᠪᠡᠭᠡᠲᠦ ᠰᠢᠷ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠬᠥᠪᠡᠭᠡᠲᠦ ᠰᠢᠷ᠎ᠠ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠡᠭᠦᠷᠭᠡ ᠴᠢᠳᠠᠪᠬᠢᠲᠤ ᠪᠠᠶᠢᠭᠤᠯᠤᠮᠵᠢ ᠪᠣᠯᠪᠠ᠃ 2021 | ᠣᠨ ᠤ 3 ᠳ᠋ᠤᠭᠠᠷ ᠰᠠᠷ᠎ᠠ ᠶᠢᠨ 30 ᠤ ᠡᠳᠦᠷ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ | ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠶᠯᠡᠰ ᠤᠨ ᠨᠢᠭᠡᠴᠡ ᠪᠣᠯᠭᠠᠪᠠ᠃ ᠪᠠᠶᠢᠭᠤᠯᠤᠮᠵᠢ | ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠲᠠᠰ ᠲᠠᠢ ᠲᠡᠩᠴᠡᠨ᠎ᠡ᠃ | ᠬᠥᠪᠡᠭᠡᠲᠦ ᠰᠢᠷ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠳᠤ 7 | ᠣᠷᠣᠨ ᠲᠤᠭ᠎ᠠ ᠶᠢ ᠬᠢᠨᠠᠨ ᠲᠣᠭᠲᠠᠭᠠᠵᠤ᠂ 1 ᠡᠷᠬᠢᠯᠡᠭᠴᠢ᠂ 2 ᠳᠡᠳ᠋ ᠡᠷᠬᠢᠯᠡᠭᠴᠢ᠂ 1 ᠬᠢᠨᠠᠭᠴᠢᠳ ᠤᠨ ᠵᠥᠪᠯᠡᠯ ᠤᠨ | ᠡᠷᠬᠢᠯᠡᠭᠴᠢ᠂ 3 ᠠᠵᠢᠯᠲᠠᠨ ᠲᠣᠬᠢᠷᠠᠭᠤᠯᠪᠠ᠃ ᠳᠣᠲᠣᠭᠠᠳᠤ ᠳᠠᠭᠠᠨ 3 ᠲᠠᠰᠤᠭ ( ᠶᠡᠷᠦᠩᠬᠡᠶᠢᠯᠡᠭᠰᠡᠨ ᠠᠯᠪᠠᠨ ᠬᠡᠷ᠂ | ᠠᠵᠤ ᠠᠬᠤᠶ ᠶᠢᠨ ᠬᠥᠭᠵᠢᠯᠲᠡ ᠶᠢᠨ ᠲᠠᠰᠤᠭ᠂ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ ) | ᠭᠠᠷᠭᠠᠪᠠ᠃ | ᠬᠥᠪᠡᠭᠡᠲᠦ ᠰᠢᠷ᠎ᠠ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠨᠢ ᠮᠠᠯᠴᠢᠨ ᠲᠠᠷᠢᠶᠠᠴᠢᠨ ᠳᠤ | ᠶᠡᠷᠦᠩᠬᠡᠶᠢᠯᠡᠭᠰᠡᠨ ᠰᠢᠷᠢᠰ ᠦᠢᠯᠡᠴᠢᠯᠡᠭᠡ ᠬᠠᠩᠭᠠᠬᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ | ᠡᠭᠦᠷᠭᠡᠯᠡᠵᠦ᠂ ᠳᠣᠣᠷ᠎ᠠ ᠠᠴᠠ ᠳᠡᠭᠡᠭᠰᠢ ᠬᠤᠯᠪᠣᠭᠠᠯᠠᠵᠤ᠂ ᠳᠡᠭᠡᠷ᠎ᠡ ᠠᠴᠠ ᠳᠣᠷᠣᠭᠰᠢ ᠦᠢᠯᠡᠴᠢᠯᠡᠳᠡᠭ ᠬᠤᠷᠰᠢᠭᠰᠠᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠪᠣᠯᠤᠨ᠎ᠠ᠃ ᠲᠡᠭᠦᠨ ᠤ ᠭᠤᠣᠯ ᠡᠭᠦᠷᠭᠡ | ᠬᠠᠷᠢᠭᠤᠴᠠᠯᠭ᠎ᠠ ᠪᠣᠯ᠄ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠲᠤᠬᠠᠶ ᠨᠠᠮ ᠤᠨ ᠲᠥᠪ | ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠲᠠᠷᠢᠶᠠᠯᠠᠬᠤ ᠮᠠᠯᠵᠢᠬᠤ ᠣᠷᠣᠨ | ᠵᠢᠴᠢ ᠬᠤᠲᠠ ᠬᠥᠳᠡᠭᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠳᠡᠭᠡᠳᠦ ᠱᠠᠲᠤᠨ ᠤ ᠬᠤᠷᠰᠢᠶ᠎ᠠ ᠪᠣᠯᠤᠨ ᠣᠷᠣᠨ | ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠦᠭᠵᠢᠯᠲᠡ ᠶᠢᠨ ᠲᠥᠯᠦᠪᠵᠢᠭᠦᠯᠭᠡ ᠶᠢ ᠡᠭᠦᠷᠭᠡᠯᠡᠬᠦ | ᠪᠡ ᠣᠨ ᠤ ᠠᠵᠢᠯ ᠤᠨ ᠡᠭᠦᠷᠭᠡ ᠶᠢᠨ ᠲᠣᠬᠢᠷᠠᠭᠤᠯᠣᠯᠲᠠ ᠶᠢ ᠲᠣᠭᠲᠠᠭᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ | ᠶᠢᠨ ᠶᠡᠷᠣᠩᠬᠡᠶᠢᠯᠡᠭᠰᠡᠨ ᠥᠭᠡᠷᠡᠴᠢᠯᠡᠯᠲᠡ ᠬᠢᠭᠡᠳ ᠬᠦᠭᠵᠢᠯᠲᠡ ᠶᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ | ᠬᠤᠰᠢᠭᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠣᠯᠲᠠ ᠶᠢ ᠦᠨᠳᠦᠰᠦᠯᠡᠨ᠂ ᠲᠠᠷᠢᠶᠠᠯᠠᠩ ᠮᠠᠯ ᠠᠵᠣ | ᠠᠬᠤᠢ ᠶᠢᠨ ᠴᠢᠬᠤᠯᠠ ᠣᠶᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠲᠦᠭᠡᠭᠳᠡᠭᠦᠨ | ᠤ ᠡᠵᠡᠩᠨᠡᠯᠲᠡ ᠳᠤ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠡ ᠨᠦᠭᠡᠴᠡᠯᠡᠯᠲᠡ ᠬᠠᠮᠢᠶᠠᠷᠣᠯᠲᠠ ᠬᠢᠨ᠎ᠡ᠃ | ᠵᠠᠰᠠᠭ ᠤᠨ ᠣᠷᠳᠣᠨ ᠤ ᠨᠠᠶᠢᠳᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠶᠢᠯᠡᠴᠢᠯᠡᠭᠡ ᠪᠡ ᠪᠣᠰᠣᠳ | ᠡᠭᠦᠷᠭᠡ ᠶᠢ ᠡᠭᠦᠷᠭᠡᠯᠡᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠢ ᠬᠦᠭᠵᠢᠭᠦᠯᠦᠨ ᠮᠠᠨᠳᠣᠭᠤᠯᠬᠤ ᠠᠵᠢᠯ ᠳᠤ | ᠣᠷᠣᠯᠴᠠᠵᠣ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠶᠢᠨ ᠬᠠᠷᠢᠴᠠᠭ᠎ᠠ ᠶᠢ ᠵᠣᠬᠢᠴᠠᠭᠤᠯᠣᠨ᠂ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠲᠣᠬᠠᠶᠢᠯᠠᠭᠰᠠᠨ ᠠᠵᠢᠯ ᠤᠨ ᠠᠵᠢᠯᠯᠠᠭ᠎ᠠ ᠶᠢ ᠦᠷᠨᠢᠭᠦᠯᠵᠦ᠂ ᠰᠢᠨ᠎ᠡ ᠬᠦᠳᠡᠭᠡ | ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠢᠨᠵᠧᠨ᠋ᠧᠷᠢᠩ᠂ | ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠪᠠᠶᠢᠭᠤᠯᠣᠯᠲᠠ ᠪᠠ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠠᠬᠢᠭᠤᠯᠣᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠦᠵᠡᠰᠭᠦᠯᠡᠩ ᠴᠣᠭᠯᠠᠭᠠᠨ ᠳᠡᠯᠭᠡᠨ ᠪᠣᠷᠣᠯᠠᠭᠤᠯᠭ᠎ᠠ ᠳᠤ ᠣᠷᠣᠯᠴᠠᠬᠤ᠂ ᠮᠠᠯᠴᠢᠨ ᠲᠠᠷᠢᠶᠠᠴᠢᠨ ᠤ | ᠲᠣᠰᠬᠠᠢ ᠬᠤᠷᠰᠢᠶ᠎ᠠ ᠵᠢᠴᠢ ᠬᠤᠯᠪᠣᠭᠠᠲᠣ ᠬᠤᠷᠰᠢᠶ᠎ᠠ ᠶᠢ ᠳᠠᠭᠠᠭᠤᠯᠣᠨ ᠡᠷᠬᠢᠯᠡᠬᠦ ᠪᠡ ᠡᠭᠦᠳᠦᠨ ᠡᠷᠬᠢᠯᠡᠵᠦ᠂ | ᠲᠠᠷᠢᠶᠠᠯᠠᠩ ᠮᠠᠯ ᠠᠵᠣ ᠠᠬᠤᠢ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠳᠣᠷ ᠬᠦᠢᠴᠡᠳᠬᠡᠨ᠎ᠡ᠃ | ᠲᠣᠭᠲᠠᠭᠠᠯ ᠶᠣᠰᠣᠭᠠᠷ ᠬᠤᠰᠢᠭᠤᠨ ᠤ ᠲᠣᠰ ᠱᠠᠲᠣᠨ ᠤ ᠬᠤᠯᠪᠣᠭᠠᠲᠣ ᠬᠤᠷᠰᠢᠶ᠎ᠠ ᠶᠢᠨ ᠡᠳ᠋ ᠬᠦᠷᠦᠩᠭᠡ ᠶᠢᠨ ᠪᠡᠯᠡ | ᠭᠠᠷᠭᠠᠭᠴᠢ ᠶᠢᠨ ᠡᠭᠦᠷᠭᠡ ᠴᠢᠳᠠᠪᠣᠷᠢ ᠶᠢ ᠬᠡᠷᠡᠭᠵᠢᠭᠦᠯᠦᠨ ᠬᠤᠷᠰᠢᠶ᠎ᠠ ᠶᠢᠨ ᠡᠳ᠋ ᠬᠦᠷᠦᠩᠭᠡ ᠶᠢᠨ ᠡᠵᠡᠩᠨᠡᠯᠲᠡ ᠶᠢ | ᠵᠢᠯᠣᠭᠤᠳᠴᠣ᠂ ᠬᠤᠷᠰᠢᠶ᠎ᠠ ᠶᠢᠨ ᠦᠮᠴᠢᠯᠡᠯ ᠤᠨ ᠠᠵᠣ ᠠᠬᠤᠶᠢᠯᠠᠯ ᠤᠨ ᠲᠠᠷᠢᠶᠠᠯᠠᠩ ᠮᠠᠯ ᠠᠵᠣ ᠠᠬᠤᠢ ᠳᠤ | ᠦᠢᠯᠡᠴᠢᠯᠡᠬᠦ ᠴᠢᠭᠯᠡᠯ ᠢ ᠦᠨᠡᠨᠬᠦ ᠪᠠᠲᠣᠯᠠᠵᠣ᠂ ᠬᠤᠷᠰᠢᠶ᠎ᠠ ᠶᠢᠨ ᠡᠳ᠋ ᠬᠦᠷᠦᠩᠭᠡ ᠶᠢ ᠬᠢᠨᠡᠨ ᠬᠠᠮᠢᠶᠠᠷᠬᠤ ᠡᠭᠦᠷᠭᠡ | ᠴᠢᠳᠠᠪᠣᠷᠢ ᠶᠢ ᠬᠦᠢᠴᠡᠳᠬᠡᠨ᠂ ᠬᠤᠷᠰᠢᠶ᠎ᠠ ᠶᠢᠨ ᠡᠳ᠋ ᠬᠦᠷᠦᠩᠭᠡ ᠶᠢᠨ ᠦᠷᠲᠡᠭ ᠢ ᠪᠠᠲᠣᠯᠠᠨ ᠨᠡᠮᠡᠭᠳᠡᠭᠦᠯᠬᠦ ᠪᠡ ᠠᠮᠣᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠲᠣᠰᠢᠶᠠᠭᠰᠠᠨ ᠪᠣᠰᠣᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ |