ᠬᠦᠪᠡᠭᠡᠲᠦ ᠰᠢᠷ᠎ᠠ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ
ᠨᠡᠶᠢᠲᠡᠯᠡᠭᠰᠡᠨ ᠴᠠᠭ᠄
2024/6/26
     ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠶᠠᠪᠤᠳᠠᠯ ᠤᠨ ᠠᠵᠢᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ ᠬᠤᠰᠢᠭᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠰᠢᠯᠵᠢᠭᠦᠯᠦᠨ ᠲᠣᠬᠢᠷᠠᠭᠤᠯᠵᠤ ᠬᠠᠮᠢᠶᠠᠷᠬᠤ ᠶᠢ ᠬᠠᠷᠢᠭᠤᠴᠠᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠬᠢᠷᠠᠭᠤᠯᠤᠨ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠪᠠ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠠᠬᠢᠭᠤᠯᠵᠤ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ ᠵᠠᠰᠠᠭ ᠤᠨ ᠣᠷᠳᠣᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠣᠨ ᠢᠶᠠᠷ ᠲᠣᠭᠲᠠᠭᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠡᠭᠦᠷᠭᠡ ᠳᠤ ᠬᠠᠷᠢᠭᠤᠴᠠᠯᠭ᠎ᠠ ᠶᠢᠨ ᠵᠠᠳᠠᠯᠤᠯᠲᠠ ᠬᠢᠵᠦ᠂ ᠠᠵᠢᠯ ᠤᠨ ᠬᠠᠷᠠᠯᠲᠠ᠂ ᠠᠷᠭ᠎ᠠ ᠬᠡᠮᠵᠢᠶ᠎ᠡ ᠪᠠ ᠬᠠᠷᠢᠭᠤᠴᠠᠯᠭᠠᠲᠠᠨ ᠢ ᠲᠣᠳᠣᠷᠬᠠᠶᠢᠯᠠᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号