ᠬᠦᠪᠡᠬᠡᠳᠥ ᠰᠢᠷ᠎ᠠ ᠬᠤᠰᠢᠭᠤᠨ ᠤ ᠨᠠᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ‌‍ᠤ ᠲᠦᠪ 
ᠨᠡᠶᠢᠲᠡᠯᠡᠭᠰᠡᠨ ᠴᠠᠭ᠄
2024/6/26
     ᠬᠦᠪᠡᠬᠡᠳᠥ ᠰᠢᠷ᠎ᠠ ᠬᠤᠰᠢᠭᠤᠨ ᠤ ᠨᠠᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠨᠢ 2021 ᠤᠨ ᠤ 4 ᠰᠠᠷ᠎ᠠ ᠳᠤ ᠵᠢᠩᠬᠢᠨᠢ ᠪᠠᠷ ᠫᠠᠶᠢᠰᠠ ᠡᠯᠬᠦᠵᠤ ᠪᠠᠶᠢᠭᠤᠯᠤᠭᠳᠠᠨ᠂ ᠵᠢᠩᠬᠢᠨᠢ ᠰᠠᠯᠠᠭᠠᠨ ᠲᠡᠰ ᠤᠨ ᠠᠯᠪᠠᠳᠠᠨ ᠤ ᠬᠠᠤᠯᠢ ᠪᠠᠷ ᠯᠠᠪᠯᠠᠯᠳᠠ ᠪᠤᠯᠭᠠᠨ ᠬᠠᠮᠢᠶᠠᠷᠬᠤ ᠠᠵᠢᠯ ᠦᠢᠯᠡᠰ ᠤᠨ ᠨᠢᠭᠡᠴᠡ ᠪᠠᠷ ᠲᠤᠭᠳᠠᠭᠠᠭᠳᠠᠵᠤ᠂ ᠬᠦᠪᠡᠬᠡᠳᠥ ᠰᠢᠷ᠎ᠠ ᠬᠤᠰᠢᠭᠤᠨ ᠤ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠪ ᠬᠡᠬᠦ ᠫᠠᠶᠢᠰᠠ ᠶᠢ ᠨᠡᠮᠡᠵᠤ ᠡᠯᠬᠦᠪᠡ᠃ ᠠᠯᠪᠠᠨ ᠭᠡᠷ᠂ ᠠᠷᠠᠯᠵᠢᠶᠠᠨ ᠤ ᠬᠠᠮᠢᠶᠠᠷᠤᠯᠳᠠ᠂ ᠶᠡᠷᠥᠩᠬᠡᠢ ᠲᠤᠬᠠᠶᠢᠯᠠᠭᠰᠠᠨ ᠠᠵᠢᠯ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠬᠡ 4 ᠲᠤᠳᠤᠭᠠᠳᠥ ᠪᠠᠶᠢᠭᠤᠯᠥᠮᠵᠢ ᠲᠠᠢ ᠪᠠᠶᠢᠵᠤ᠂ 7 ᠨᠡᠷ᠎ᠡ ᠤᠷᠤᠨ ᠲᠤᠭ᠎ᠠ ᠲᠠᠢ᠃     2022 ᠤᠨ ᠳᠤ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠪ ᠤᠨ ᠲᠠᠭᠠᠭᠠᠴᠢᠯᠠᠯᠳᠠ ᠦᠨᠡᠯᠡᠬᠦ ᠲᠦᠷᠢᠮᠵᠢᠭᠰᠡᠨ ᠪᠦᠳᠥᠬᠡᠨ ᠪᠠᠶᠢᠭᠤᠯᠤᠯᠳᠠ ᠶᠢᠨ ᠱᠠᠭᠠᠷᠳᠠᠯᠭ᠎ᠠ ᠪᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠦᠴᠥᠳᠠᠢ ᠲᠡᠮᠵᠢᠯᠬᠡ ᠶᠢᠨ ᠲᠤᠤᠷ᠎ᠠ ᠬᠤᠰᠢᠭᠤ ᠱᠠᠳᠤᠨ ᠤ ᠠᠷᠠᠯᠵᠢᠶᠠᠨ ᠤ ᠲᠦᠪ ᠤᠨ ᠲᠠᠭᠠᠭᠠᠴᠢᠯᠠᠯᠳᠠ ᠨᠠᠶᠢᠳᠡᠯᠡᠵᠤ ᠦᠨᠡᠯᠡᠬᠦ ᠲᠠᠯᠠᠪᠤᠷ ᠢ ᠲᠦᠷᠢᠮᠵᠢᠬᠦᠯᠥᠨ ᠵᠠᠰᠠᠨ ᠦᠬᠡᠷᠡᠴᠢᠯᠡᠵᠤ᠂ 1000m2  ᠤᠨ ᠲᠠᠯᠠᠪᠠᠢ ᠪᠦᠬᠦᠢ ᠭᠤᠷᠪᠠᠨ ᠲᠠᠪᠬᠤᠷ ᠠᠯᠪᠠᠨ ᠠᠰᠠᠷ  ᠲᠠᠢ ᠪᠤᠯᠵᠤ᠂ ᠨᠠᠶᠢᠳᠡ ᠶᠢᠨ ᠦᠯᠡᠴᠢᠯᠡᠬᠡᠨ ᠤ ᠲᠤᠭᠤᠷᠢᠭ᠂ ᠲᠠᠭᠠᠭᠠᠴᠢᠯᠠᠯᠳᠠ ᠨᠡᠶᠢᠳᠡᠯᠡᠬᠦ ᠲᠤᠭᠤᠷᠢᠭ᠂ ᠪᠢᠳᠡᠬᠦᠮᠵᠢᠯᠡᠭᠰᠡᠨ ᠲᠠᠭᠠᠭᠠᠴᠢᠯᠠᠯᠳᠠ ᠦᠨᠡᠯᠡᠬᠦ ᠲᠤᠭᠤᠷᠢᠭ᠂ ᠠᠯᠪᠠᠯᠠᠬᠤ ᠲᠤᠭᠤᠷᠢᠭ᠂ ᠬᠢᠨᠠᠨ ᠡᠵᠡᠮᠳᠡᠬᠦ ᠲᠤᠭᠤᠷᠢᠭ ᠵᠡᠷᠬᠡ ᠶᠢ ᠵᠠᠰᠠᠨ ᠦᠬᠡᠷᠡᠴᠢᠯᠡᠵᠤ᠂ ᠲᠠᠭᠠᠭᠠᠴᠢᠯᠠᠯᠳᠠ ᠨᠡᠶᠢᠳᠡᠯᠡᠬᠦ ᠲᠠᠰᠤᠭ᠂ ᠲᠠᠭᠠᠭᠠᠴᠢᠯᠠᠯᠳᠠ ᠦᠨᠡᠯᠡᠬᠦ ᠲᠠᠰᠤᠭ᠂ ᠮᠡᠷᠬᠡᠵᠢᠯᠳᠡᠨ ᠤ ᠠᠮᠠᠷᠠᠬᠤ ᠲᠠᠰᠤᠭ᠂ ᠮᠡᠷᠬᠡᠵᠢᠯᠳᠡᠨ ᠤ ᠬᠤᠭᠤᠯᠠᠨ ᠲᠠᠩᠬᠢᠮ᠂ ᠳᠠᠩᠰᠠ ᠡᠪᠬᠢᠮᠡᠯ ᠤᠨ ᠲᠠᠰᠤᠭ᠂ ᠬᠢᠨᠠᠨ ᠡᠵᠡᠮᠳᠡᠬᠦ ᠲᠠᠰᠤᠭ᠂ ᠮᠡᠷᠬᠡᠵᠢᠯᠳᠡᠨ ᠢ ᠰᠤᠭᠤᠯᠤᠭ᠎ᠠ ᠪᠠᠷ ᠰᠤᠩᠭᠤᠬᠤ ᠲᠠᠰᠤᠭ ᠵᠡᠷᠬᠡ ᠶᠢ ᠲᠤᠬᠢᠷᠠᠭᠤᠯᠤᠭᠰᠠᠨ ᠪᠠᠶᠢᠨ᠎ᠡ᠃      ᠨᠠᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠨᠢ ᠵᠠᠰᠠᠭ ᠤᠨ ᠤᠷᠳᠤᠨ ᠪᠤᠯᠥᠨ ᠵᠠᠬ᠎ᠠ ᠲᠡᠯᠬᠡᠬᠦᠷ ᠤᠨ ᠬᠤᠭᠤᠷᠤᠨᠳᠤᠬᠢ ᠬᠦᠬᠦᠷᠬᠡ ᠬᠤᠯᠪᠤᠭᠠᠰᠥ ᠪᠤᠯᠵᠤ᠂ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠴᠢᠬᠤᠯᠠ ᠡᠬᠦᠷᠬᠡ ᠶᠢ ᠡᠬᠦᠷᠬᠡᠯᠡᠵᠤ ᠪᠠᠶᠢᠨ᠎ᠡ᠃ ᠵᠠᠰᠠᠭ ᠤᠨ ᠤᠷᠳᠤᠨ ᠤ ᠬᠤᠳᠠᠯᠳᠤᠨ ᠠᠪᠬᠤ᠂ ᠢᠨᠵᠧᠨᠧᠷᠢᠩ ᠤᠨ ᠪᠦᠳᠥᠬᠡᠨ ᠪᠠᠶᠢᠭᠤᠯᠤᠯᠳᠠ᠂ ᠭᠠᠵᠠᠷ ᠰᠢᠷᠤᠢ ᠶᠢᠨ ᠠᠷᠠᠯᠵᠢᠶ᠎ᠠ᠂ ᠠᠭᠤᠷᠬᠠᠢ ᠶᠢᠨ ᠭᠠᠷᠤᠯᠳᠠ ᠶᠢᠨ ᠠᠷᠠᠯᠵᠢᠶ᠎ᠡ ᠳᠤ ᠲᠠᠪᠴᠠᠩ ᠲᠡᠭᠡᠷ᠎ᠡ ᠠᠵᠢᠯᠯᠠᠬᠤ ᠶᠢ ᠬᠠᠷᠢᠭᠤᠴᠠᠨ᠂ ᠰᠤᠷᠠᠭ ᠵᠠᠩᠬᠢ ᠲᠠᠷᠬᠠᠭᠠᠬᠤ ᠶᠢ ᠬᠢᠨᠠᠵᠤ ᠦᠵᠡᠬᠦ᠂ ᠲᠠᠭᠠᠭᠠᠴᠢᠯᠠᠯᠳᠠ ᠵᠠᠷᠯᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠬᠤ᠂ ᠬᠢᠷᠢ ᠬᠡᠮ ᠢ ᠤᠷᠢᠳᠴᠢᠯᠠᠨ ᠬᠢᠨᠠᠬᠤ᠂ ᠲᠠᠭᠠᠭᠠᠴᠢᠯᠠᠯᠳᠠ ᠶᠢᠨ ᠦᠷ᠎ᠡ ᠳ᠋ᠦᠩ ᠢ ᠨᠠᠶᠢᠳᠡᠯᠡᠬᠦ ᠶᠢ ᠬᠢᠨᠠᠬᠤ᠂ ᠠᠷᠠᠯᠵᠢᠶᠠᠯᠠᠬᠤ ᠲᠦᠷᠥᠯ ᠵᠦᠢᠯ ᠤᠨ ᠶᠡᠷᠥᠩᠬᠡᠢ ᠦᠢᠯᠡᠴᠢᠯᠡᠭᠡ ᠵᠡᠷᠬᠡ ᠶᠢ ᠲᠤᠰᠪᠤᠷᠢ ᠲᠤᠬᠢᠷᠠᠭᠤᠯᠵᠤ᠂ ᠬᠤᠯᠪᠤᠭᠠᠯᠠᠭᠰᠠᠨ ᠵᠠᠰᠠᠭ ᠵᠠᠬᠢᠷᠭᠠᠨ ᠤ ᠬᠢᠨᠠᠯᠳᠠ ᠬᠠᠮᠢᠶᠠᠷᠤᠯᠳᠠ  ᠶᠢᠨ ᠰᠠᠯᠠᠭ᠎ᠠ ᠮᠦᠴᠢᠷ ᠤᠨ ᠬᠠᠤᠯᠢ ᠶᠤᠰᠤᠭᠠᠷ ᠡᠯ᠎ᠠ ᠲᠦᠷᠥᠯ ᠤᠨ ᠠᠷᠠᠯᠵᠢᠶᠠᠨ ᠤ ᠠᠵᠢᠯᠯᠠᠭ᠎ᠠ ᠶᠢ ᠦᠷᠨᠢᠬᠦᠯᠬᠦ ᠶᠢ ᠲᠦᠷᠢᠮᠵᠢᠬᠦᠯᠥᠨ ᠬᠠᠮᠢᠶᠠᠷᠴᠥ᠂ ᠪᠦᠬᠦ ᠬᠤᠰᠢᠭᠤᠨ ᠤ ᠨᠠᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠡᠷᠡᠭᠵᠢᠬᠦᠯᠥᠯᠳᠡ ᠬᠠᠮᠢᠶᠠᠷᠤᠯᠳᠠ ᠶᠢᠨ ᠲᠤᠭᠳᠠᠴᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠥᠨ᠎ᠡ᠃ ᠪᠠᠶᠢᠩᠭᠤ ᠶᠢᠨ ᠠᠯᠤᠰ ᠦᠬᠡᠷ᠎ᠡ ᠭᠠᠵᠠᠷ ᠲᠠᠭᠠᠭᠠᠴᠢᠯᠠᠯᠳᠠ ᠦᠨᠡᠯᠡᠬᠦ ᠠᠵᠢᠯ ᠢ ᠬᠠᠷᠢᠭᠤᠴᠠᠨ᠂ ᠬᠤᠰᠢᠭᠤ ᠱᠠᠳᠤᠨ ᠤ ᠨᠠᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠯ᠎ᠠ ᠲᠦᠷᠥᠯ ᠤᠨ ᠠᠷᠠᠯᠵᠢᠶᠠᠨ ᠤ ᠠᠵᠢᠯᠯᠠᠭ᠎ᠠ ᠳᠤ ᠠᠰᠠᠭᠤᠨ ᠯᠠᠪᠯᠠᠬᠤ᠂ ᠬᠡᠷᠡᠴᠢᠯᠡᠬᠦ᠂ ᠲᠠᠯᠠᠪᠤᠷ ᠬᠠᠩᠭᠠᠬᠤ᠂ ᠮᠡᠷᠬᠡᠵᠢᠯᠳᠡᠨ ᠰᠤᠩᠭᠤᠬᠤ᠂ ᠭᠡᠷ᠎ᠡ ᠶᠢ ᠬᠦᠢᠴᠡᠳᠬᠡᠵᠤ ᠦᠨᠡᠯᠡᠬᠦ᠂ ᠳᠠᠩᠰᠠ ᠡᠪᠬᠢᠮᠡᠯ ᠢ ᠡᠷᠢᠵᠤ ᠦᠵᠡᠬᠦ᠂ ᠰᠣᠯᠢᠯᠴᠠᠭᠠᠨ ᠤ ᠰᠤᠷᠠᠭ ᠵᠠᠩᠬᠢ ᠵᠡᠷᠬᠡ ᠨᠠᠶᠢᠳᠡ ᠶᠢᠨ ᠦᠢᠯᠡᠴᠢᠯᠡᠭᠡ ᠪᠠ ᠬᠠᠮᠢᠶᠠᠷᠤᠯᠳᠠ ᠶᠢᠨ ᠠᠵᠢᠯ ᠢ ᠪᠠᠶᠡᠯᠡᠬᠦᠯᠵᠥ᠂ ᠨᠠᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠦᠷᠥᠯ ᠵᠦᠢᠯ ᠤᠨ ︽ᠲᠠᠯᠠᠪᠤᠷ ᠲᠤ ᠤᠷᠤᠬᠤ ᠵᠤᠬᠢᠰᠳᠠᠢ ᠶᠢ ᠵᠠᠪᠠᠯ ᠤᠷᠤᠭᠤᠯᠬᠤ︾ ᠶᠢ ᠢᠳᠡᠪᠬᠢᠳᠠᠢ ᠵᠤᠬᠢᠶᠠᠨ ᠪᠠᠶᠢᠭᠤᠯᠵᠤ ᠲᠦᠯᠬᠢᠨ ᠠᠬᠢᠭᠤᠯᠥᠨ᠎ᠡ᠃ 
 
ᠢᠷᠡᠯᠲᠡ᠄ ᠬᠦᠪᠡᠬᠡᠳᠥ ᠰᠢᠷ᠎ᠠ ᠬᠤᠰᠢᠭᠤᠨ ᠤ ᠨᠠᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ‌‍ᠤ ᠲᠦᠪ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号