ᠰᠢᠨᠡᠪᠤᠯᠠᠭ ᠪᠠᠯᠭᠠᠰᠤ ᠪᠣᠯ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠭ᠎ᠠ ᠭᠠᠵᠠᠷ᠂ ᠪᠥᠬᠦ ᠬᠤᠰᠢᠭᠤᠨ ᠤ ᠤᠯᠤᠰ ᠲᠥᠷᠥ᠂ ᠠᠵᠤ ᠠᠬᠤᠢ᠂ ᠰᠣᠶᠣᠯ᠂ ᠵᠠᠮ ᠬᠠᠷᠢᠯᠴᠠᠭᠠᠨ ᠤ ᠲᠥᠪ | ᠪᠠᠶᠢᠵᠤ᠂ ᠶᠡᠷᠦᠩᠬᠡᠢ ᠲᠠᠯᠠᠪᠠᠶ ᠨᠢ 32 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 ᠨᠡᠶᠢᠭᠡᠮ ᠲᠣᠭᠤᠷᠢᠭ᠂ 2 | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠬᠠᠷᠢᠶᠠᠯᠠᠵᠤ᠂ ᠪᠠᠶᠢᠩᠭᠤ ᠰᠠᠭᠤᠭ᠎ᠠ | ᠬᠥᠮᠥᠨ ᠠᠮᠠ ᠨᠢ 8260 ᠡᠷᠦᠬᠡ 19114 ᠬᠥᠮᠥᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ | ᠬᠠᠷᠢᠶᠠᠨ ᠳᠤ 1 ᠪᠠᠶᠢᠭᠤᠯᠭ᠎ᠠ ᠶᠢᠨ ᠨᠠᠮ ᠤᠨ ᠡᠭᠦᠷ᠂ 6 ᠨᠡᠶᠢᠭᠡᠮ ᠲᠣᠭᠤᠷᠢᠭ ᠤᠨ ᠨᠠᠮ ᠤᠨ ᠡᠭᠦᠷ᠂ 329 | ᠨᠠᠮ ᠤᠨ ᠭᠡᠰᠢᠭᠦᠨ ᠲᠠᠢ᠃ ᠳᠣᠲᠣᠷ᠎ᠠ ᠪᠠᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ | ᠭᠡᠷ ᠪᠠ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠵᠡᠷᠭᠡ 6 ᠪᠠᠶᠢᠭᠤᠯᠤᠮᠵᠢ ᠶᠢ ᠪᠠᠶᠢᠭᠤᠯᠵᠤ᠂ ᠳᠣᠣᠷ᠎ᠠ ᠨᠢ | ᠨᠠᠮ ᠪᠠ ᠣᠯᠠᠨ ᠲᠦᠮᠡᠨ ᠳᠤ ᠥᠢᠯᠡᠴᠢᠯᠡᠬᠦ ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠥᠭᠡᠮᠡᠯᠵᠢᠭᠦᠯᠬᠦ ᠲᠥᠪ ᠵᠡᠷᠭᠡ 3 ᠠᠵᠢᠯ ᠦᠢᠯᠡᠰ ᠤᠨ | ᠨᠢᠭᠡᠴᠡ ᠶᠢ ᠪᠠᠶᠢᠭᠤᠯᠵᠤ᠂ ᠨᠡᠶᠢᠲᠡ 75 ᠠᠵᠢᠯᠲᠠᠨ ᠲᠠᠢ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ 6 ᠪᠠᠶᠢᠵᠤ᠂ ᠣᠲᠣ 55 ᠬᠥᠮᠥᠨ ᠲᠠᠢ᠃ ᠬᠠᠷᠢᠶᠠᠲᠤ ᠣᠷᠣᠨ ᠢ ᠰᠢᠨᠵᠢᠯᠡᠬᠦ ᠤᠬᠠᠭᠠᠨᠴᠢ ᠪᠠᠷ 33 | ᠲᠣᠣᠷᠵᠢᠯ ᠬᠤᠪᠢᠶᠠᠷᠢᠯᠠᠵᠤ᠂ ᠲᠣᠣᠷᠵᠢᠯ ᠤᠨ ᠠᠵᠢᠯᠲᠠᠨ 32 ᠬᠥᠮᠥᠨ ᠪᠠᠶᠢᠨ᠎ᠠ᠃ ︽ᠭᠤᠷᠪᠠᠨ ᠳᠡᠰ ᠤᠨ | ᠳᠠᠭᠠᠴᠢᠯᠠᠯᠲᠠ ᠲᠠᠪᠤᠨ ᠳᠡᠰ ᠤᠨ ᠦᠢᠯᠡᠴᠢᠯᠡᠭᠡ︾ ᠲᠣᠣᠷᠵᠢᠯ ᠤᠨ ᠰᠢᠰᠲ᠋ᠧᠮ ᠤᠨ ᠦᠷ᠎ᠡ ᠪᠦᠲᠦᠭᠡᠯ ᠢ | ᠢᠳᠡᠪᠬᠢᠲᠡᠢ ᠪᠠᠷ ᠥᠷᠭᠡᠳᠬᠡᠵᠦ᠂ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ - ᠲᠣᠣᠷᠵᠢᠯ ᠤᠨ | ᠬᠠᠮᠲᠤᠷᠠᠭᠰᠠᠨ ᠨᠠᠮ ᠤᠨ ᠡᠭᠦᠷ ︵ᠨᠠᠮ ᠤᠨ ᠳᠤᠭᠤᠶᠢᠯᠠᠩ︶ - ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ | ᠰᠠᠯᠪᠤᠷᠢ ᠪᠠᠭ᠎ᠠ ᠠᠩᠭᠢ︾ ᠶᠢᠨ ᠤᠯᠠᠭᠠᠨ ᠲᠣᠣᠷᠵᠢᠯ ᠤᠨ ᠰᠢᠰᠲ᠋ᠧᠮ ᠢ ᠪᠤᠶ ᠪᠣᠯᠭᠠᠵᠤ᠂ 33 ᠲᠣᠣᠷᠵᠢᠯ ᠤᠨ | ᠨᠠᠮ ᠤᠨ ᠳᠤᠭᠤᠶᠢᠯᠠᠩ ᠂ 33 ᠲᠣᠣᠷᠵᠢᠯ ᠤᠨ ᠬᠤᠯᠪᠣᠭᠠᠲᠤ ᠨᠠᠮ ᠤᠨ ᠡᠭᠦᠷ ᠂ 48 ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢ ᠪᠠᠶᠢᠭᠤᠯᠵᠤ ᠂ 172 ᠠᠰᠠᠷ ᠤᠨ ᠳᠠᠷᠤᠭ᠎ᠠ ᠂ 540 ᠨᠢᠭᠡᠴᠢ ︵ ᠵᠡᠭᠡᠯᠢ ︶ ᠶᠢᠨ | ᠳᠠᠷᠤᠭ᠎ᠠ ᠶᠢ ᠤᠷᠢᠨ ᠬᠡᠷᠡᠭᠯᠡᠵᠦ ᠂ ᠨᠠᠮ ᠤᠨ ᠪᠠᠶᠢᠭᠤᠯᠤᠯᠲᠠ ᠶᠢᠨ ᠳᠠᠭᠠᠭᠤᠯᠭ᠎ᠠ ᠳᠣᠣᠷ᠎ᠠ ᠨᠠᠮ ᠤᠨ ᠵᠣᠬᠢᠶᠠᠨ | ᠪᠠᠶᠢᠭᠤᠯᠤᠯᠲᠠ ᠪᠠᠷ ᠭᠤᠣᠯ ᠪᠣᠯᠭᠠᠭᠰᠠᠨ᠂ ᠨᠠᠮ ᠵᠠᠰᠠᠭ ᠤᠨ ᠰᠠᠯᠠᠭ᠎ᠠ ᠮᠥᠴᠢᠷ᠂ ᠨᠡᠶᠢᠭᠡᠮ ᠤᠨ ᠬᠠᠮᠲᠤᠯᠢᠭ | ᠬᠠᠮᠲᠤᠪᠠᠷ ᠣᠷᠣᠯᠴᠠᠭᠰᠠᠨ ᠲᠣᠣᠷᠴᠢᠯᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠪᠠ᠃ | ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠪᠦᠬᠦ ᠪᠠᠯᠭᠠᠰᠤᠨ ᠤ | ᠠᠷᠠᠳ ᠲᠦᠮᠡᠨ ᠢ ᠳᠠᠭᠠᠭᠤᠯᠤᠨ᠂ ᠬᠠᠷᠠᠯᠲᠠ ᠪᠠᠨ ᠣᠨᠣᠪᠴᠢᠲᠠᠢ ᠳᠣᠭᠲᠠᠭᠠᠵᠣ᠂ ᠡᠭᠦᠷᠭᠡ ᠪᠠᠨ ᠴᠢᠩᠭ᠎ᠠ ᠡᠵᠡᠮᠳᠡᠵᠦ | ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠨᠡᠶᠢᠭᠡᠮ ᠲᠣᠭᠤᠷᠢᠭ ᠤᠨ | ᠦᠢᠯᠡᠴᠢᠯᠡᠭᠡ ᠵᠡᠷᠭᠡ ᠲᠠᠯ᠎ᠠ ᠪᠠᠷ ᠦᠷᠭᠦᠯᠵᠢᠯᠡᠨ ᠭᠦᠴᠦᠯᠡᠵᠦ᠂ ᠳᠡᠭᠡᠭᠰᠢ ᠳᠣᠷᠤᠭᠰᠢ ᠨᠡᠪᠲᠡᠷᠡᠭᠰᠡᠨ᠂ | ᠬᠡᠷᠡᠭᠵᠢᠭᠦᠯᠬᠦ ᠳᠤ ᠬᠦᠴᠦᠨ ᠲᠠᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠡᠯ᠎ᠡ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ ᠂ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠤᠨ ᠂ ︽ ᠵᠢᠷᠭᠤᠭᠠᠨ | ᠢᠨᠵᠧᠨᠧᠷᠢᠩ ︾ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ ᠤᠷᠢᠳ ᠬᠤᠵᠢᠳ ᠪᠦᠬᠦ ᠠᠶᠢᠮᠠᠭ ᠤᠨ | ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ︽ᠪᠦᠬᠦ ᠠᠶᠢᠮᠠᠭ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ︾᠂ ︽ᠭᠤᠷᠪᠠᠳᠤᠭᠠᠷ ᠬᠤᠭᠤᠴᠠᠭᠠᠨ ᠤ ᠪᠦᠬᠦ | ᠠᠶᠢᠮᠠᠭ ᠤᠨ ᠪᠣᠯᠪᠠᠰᠤᠨ ᠰᠤᠮᠤ ᠪᠠᠯᠭᠠᠰᠤ︾ ᠵᠡᠷᠭᠡ ᠢᠷᠠᠭᠤ ᠠᠯᠳᠠᠷ ᠤᠨ ᠴᠣᠯᠠ ᠪᠠᠷ ᠦᠨᠡᠯᠡᠭᠳᠡᠵᠦ᠂ ᠪᠠᠯᠭᠠᠰᠤᠨ ᠤ | ᠬᠠᠷᠢᠶᠠᠨ ᠳᠠᠬᠢ ᠬᠠᠰᠢᠶᠠᠲᠤ ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠪᠦᠬᠦ ᠠᠶᠢᠮᠠᠭ ᠤᠨ ︽ᠬᠠᠮᠤᠭ ᠤᠨ | ᠬᠦᠴᠦᠷᠬᠡᠭ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ ︾ ᠂ ᠪᠦᠬᠦ ᠣᠷᠣᠨ ᠤ ᠲᠡᠷᠢᠭᠦᠨ ᠤ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠦ ᠂ ᠲᠡᠭᠦᠨ ᠤ | ᠡᠪᠯᠡᠯ ᠤᠨ ᠡᠭᠦᠷ ᠨᠢ ︽ ᠪᠦᠬᠦ ᠤᠯᠤᠰ ᠤᠨ ︿5 · 4﹀ ᠤ ᠤᠯᠠᠭᠠᠨ ᠲᠤᠭ ᠤᠨ ᠡᠪᠯᠡᠯ ᠤᠨ ᠡᠭᠦᠷ ︾ ᠤᠨ ᠢᠷᠠᠭᠤ | ᠠᠯᠳᠠᠷ ᠤᠨ ᠴᠣᠯᠠ ᠶᠢ ᠬᠦᠷᠲᠡᠵᠡᠢ ᠃ ᠡᠷᠳᠡᠨᠢ ᠨᠡᠶᠢᠭᠡᠮ ᠲᠣᠭᠤᠷᠢᠭ ᠪᠣᠯᠤᠨ ᠴᠡᠩᠭᠡᠯ ᠨᠡᠶᠢᠭᠡᠮ ᠲᠣᠭᠤᠷᠢᠭ ᠨᠢ ᠪᠦᠬᠦ | ᠠᠶᠢᠮᠠᠭ ᠤᠨ ᠪᠠᠲᠤ ᠪᠠᠬᠢ ᠪᠠᠬᠢᠯᠡᠯᠲᠡ ᠶᠢᠨ ᠡᠭᠦᠷ ᠢᠶᠠᠷ ᠦᠨᠡᠯᠡᠭᠳᠡᠵᠦ᠂ ᠮᠠᠨᠳᠤᠯ᠎ᠠ ᠨᠡᠶᠢᠭᠡᠮ ᠲᠣᠭᠤᠷᠢᠭ᠂ ᠡᠷᠳᠡᠨᠢ | ᠨᠡᠶᠢᠭᠡᠮ ᠲᠣᠭᠤᠷᠢᠭ᠂ ᠬᠠᠰᠢᠶᠠᠲᠤ ᠨᠡᠶᠢᠭᠡᠮ ᠲᠣᠭᠤᠷᠢᠭ ᠢ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠠᠴᠠ ︽ᠪᠦᠬᠦ ᠠᠶᠢᠮᠠᠭ ᠤᠨ ᠰᠣᠳᠣᠨ ᠨᠡᠶᠢᠭᠡᠮ ᠲᠣᠭᠤᠷᠢᠭ︾ ᠵᠡᠷᠭᠡ ᠪᠠᠷ ᠦᠨᠡᠯᠡᠪᠡ᠃ | | |