ᠬᠦᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣ
ᠨᠡᠶᠢᠲᠡᠯᠡᠭᠰᠡᠨ ᠴᠠᠭ᠄
2024/6/26
      ᠣᠩᠭᠤᠨ ᠠᠭᠤᠯᠠ ᠰᠤᠮᠤ ᠨᠢ ᠤᠤᠯ ᠤᠨ ᠣᠩᠭᠤᠨ ᠠᠭᠤᠯᠠ᠂ ᠣᠩᠭᠤᠨ ᠨᠠᠭᠤᠷ᠂ ᠬᠥᠭᠵᠢᠯᠲᠦ ᠵᠡᠷᠭᠡ ᠭᠤᠷᠪᠠᠨ ᠰᠤᠮᠤ ᠶᠢ ᠨᠡᠶᠢᠯᠡᠭᠦᠯᠵᠦ ᠪᠦᠷᠢᠯᠳᠦᠵᠡᠶ᠂ ᠰᠤᠮᠤᠨ ᠤ ᠶᠡᠷᠦᠩᠬᠡᠶ ᠲᠠᠯᠠᠪᠠᠶ ᠨᠢ 239.38 ᠲᠦᠮᠡᠨ ᠮᠥ ︵1595 ᠲᠡᠭᠰᠢ ᠳᠥᠷᠪᠡᠯᠵᠢᠨ ᠺᠢᠯᠣᠮᠧᠲᠷ︶᠃ 18 ᠭᠠᠴᠠᠭ᠎ᠠ᠂ 207 ᠪᠠᠶᠢᠭᠠᠯᠢ ᠶᠢᠨ ᠬᠤᠲᠠ ᠲᠠᠢ᠃ ᠨᠡᠶᠢᠲᠡ 1951 ᠡᠷᠦᠬᠡ᠂ 5377 ᠬᠥᠮᠦᠨ ᠪᠠᠶᠢᠵᠤ᠂ ᠡᠭᠦᠨ ᠳᠤ ᠪᠠᠶᠢᠩᠭᠤ ᠰᠠᠭᠤᠭ᠎ᠠ ᠡᠷᠦᠬᠡ 974 ᠡᠷᠦᠬᠡ᠂ 2672 ᠬᠥᠮᠦᠨ ᠪᠣᠶ᠃       ᠨᠢᠭᠡ᠂ ᠨᠠᠮ ᠵᠠᠰᠠᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ      1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠃ ᠣᠩᠭᠤᠨ ᠠᠭᠤᠯᠠ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠣᠩᠭᠤᠨ ᠠᠭᠤᠯᠠ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠢ ᠡᠭᠦᠷᠭᠡᠯᠡᠨ᠎ᠡ︔ ᠣᠩᠭᠤᠨ ᠠᠭᠤᠯᠠ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠣᠩᠭᠤᠨ ᠠᠭᠤᠯᠠ ᠰᠤᠮᠤᠨ ᠤ ᠠᠵᠢᠯᠲᠠᠨ ᠤ ᠶᠠᠪᠤᠳᠠᠯ ᠪᠠ ᠡᠳ᠋ ᠤᠨ ᠶᠠᠪᠤᠳᠠᠯ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃       2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ᠃ ᠦᠨᠳᠦᠰᠦᠨ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠡᠠ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃       3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ  ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠠᠵᠢᠯ ᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ  ᠢ ᠬᠠᠷᠢᠭᠤᠴᠠᠨ᠎ᠠ︔ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠤ ᠪᠦᠲᠦᠭᠡᠨ ᠪᠠᠢᠭᠤᠯᠤᠯᠲᠠ ᠶᠢ ᠬᠠᠷᠢᠭᠤᠴᠠᠨ᠎ᠠ ︔ ᠬᠠᠷᠢᠶ᠎ᠠ ᠣᠷᠣᠨ ᠤ ᠬᠤᠲᠠ ᠶᠢᠨ ᠦᠵᠡᠮᠵᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ  ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠰᠤᠮᠤᠨ ᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠤᠨ ᠰᠤᠷᠭᠠᠭᠤᠯᠢ ᠬᠢᠨᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠬᠠᠷᠢᠭᠤᠴᠠᠨ᠎ᠠ︔ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠤᠮᠤᠨ ᠤ ᠬᠠᠷᠢᠶ᠎ᠠ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠪᠠᠷᠢᠯᠭ᠎ᠠ  ᠶᠢᠨ ᠲᠥᠷᠥᠯ ᠵᠦᠢᠯ ᠤᠨ ᠠᠵᠢᠯ ᠳᠠᠭᠤᠰᠤᠭᠰᠠᠨ ᠢ ᠰᠢᠯᠭᠠᠨ ᠠᠪᠬᠤ ᠠᠵᠢᠯ ᠢ ᠰᠠᠶᠢᠲᠤᠷ ᠬᠢᠨ᠎ᠡ︔ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠰᠠᠶᠢᠲᠤᠷ ᠬᠢᠨ᠎ᠡ᠃       4. ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠲᠤᠭ᠎ᠠ ᠪᠦᠷᠢᠳᠬᠡᠯ᠂  ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠯᠲᠠ᠂ ᠨᠡᠶᠢᠭᠡᠮ ᠤᠨ ᠪᠦᠯᠬᠦᠮ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠣᠯᠪᠠᠰᠤᠨ ᠬᠤᠲᠠ ᠪᠣᠯᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠨᠡᠶᠢᠭᠡᠮ ᠤᠨ ᠶᠠᠪᠤᠳᠠᠯ ᠤᠨ ᠴᠢᠨᠠᠷᠲᠠᠶ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃       5. ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠯᠪᠠᠨ ᠬᠡᠷ᠃ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠤᠷᠴᠢᠯᠠᠭᠰᠠᠨ ᠪᠦᠲᠦᠭᠡᠨ ᠪᠠᠶᠢᠭᠤᠯᠤᠯᠲᠠ  ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃      ᠬᠤᠶᠠᠷ᠂ ᠠᠵᠢᠯ ᠦᠢᠯᠡᠰ ᠤᠨ ᠨᠢᠭᠡᠴᠡ ᠶᠢᠨ ᠪᠠᠶᠢᠷᠢᠯᠠᠭᠤᠯᠤᠯᠲᠠ     1. ᠨᠠᠮ ᠤᠨ ᠬᠡᠰᠢᠭᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠃ ᠨᠠᠮ ᠤᠨ ᠭᠡᠰᠢᠭᠦᠨ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ  ᠲᠠᠢ ᠬᠠᠷᠢᠯᠴᠠᠬᠤ ᠪᠠ ᠦᠶᠯᠡᠴᠢᠯᠡᠬᠦ ᠶᠢ ᠬᠠᠷᠢᠭᠤᠴᠠᠨ᠎ᠠ︔ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠭᠠᠵᠠᠷ ᠤᠨ ᠴᠢᠳᠠᠮᠵᠢ ᠶᠢᠨ ᠲᠥᠯᠥᠪᠵᠢᠭᠦᠯᠪᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠰᠤᠮᠤᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ  ᠲᠤ ᠳᠥᠭᠦᠮ ᠦᠵᠡᠭᠦᠯᠬᠦ ᠦᠶᠯᠡᠴᠢᠯᠡᠭᠡᠨ ᠤ ᠠᠵᠢᠯ ᠢ ᠲᠥᠪᠯᠡᠷᠡᠭᠦᠯᠦᠨ ᠭᠥᠯᠢᠶᠡᠨ ᠠᠪᠴᠤ ᠭᠦᠶᠴᠡᠳᠬᠡᠬᠦ ᠶᠢ ᠬᠠᠷᠢᠭᠤᠴᠠᠨ᠎ᠠ︔ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠳᠤ ᠬᠤᠯᠪᠣᠭᠳᠠᠭᠰᠠᠨ ᠴᠡᠷᠢᠭ  ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠨᠢ ᠪᠠᠲᠤᠯᠠᠬᠤ ᠵᠡᠷᠭᠡ ᠠᠵᠢᠯ ᠶᠠᠪᠤᠳᠠᠯ ᠢ ᠡᠭᠦᠷᠭᠡᠯᠡᠨ᠎ᠡ︔ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠣᠯᠤᠨ ᠰᠠᠶᠢᠨ ᠳᠤᠷ᠎ᠠ ᠶᠢᠨ ᠦᠶᠯᠡᠴᠢᠯᠡᠭᠡᠨ  ᠤ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃       2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠣᠩᠭᠤᠨ ᠠᠭᠤᠯᠠ ᠰᠣᠮᠤᠨ ᠤ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ ᠬᠤᠰᠢᠭᠤ ᠠᠷᠠᠳ ᠤᠨ ᠵᠠᠰᠠᠭ ᠤᠨ ᠣᠷᠳᠣᠨ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃      3. ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠥᠭᠡᠮᠡᠯᠵᠢᠭᠦᠯᠬᠦ ᠲᠥᠪ᠃ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ ᠵᠡᠷᠭᠡ ᠬᠦᠷᠢᠶᠡᠨ ᠤ ᠮᠡᠷᠭᠡᠵᠢᠯ ᠤᠨ ᠦᠶᠯᠡᠴᠢᠯᠡᠭᠡᠨ ᠪᠣᠯᠤᠨ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠬᠠᠷᠢᠭᠤᠴᠠᠨ᠎ᠠ ︔ ᠮᠠᠯᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠬᠠᠩᠭᠠᠬᠤ ᠠᠵᠢᠯ ᠢ ᠬᠠᠷᠢᠭᠤᠴᠠᠨ᠎ᠠ︔ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ︔ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号