ᠣᠩᠭᠤᠨ ᠠᠭᠤᠯᠠ ᠰᠤᠮᠤ 2024 ᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
      ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠬᠢᠷᠢ ᠬᠡᠮᠵᠢᠶ᠎ᠡ ᠢ ᠳᠡᠭᠡᠭᠰᠢᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 5 ᠰᠠᠷ᠎ᠠ ᠶᠢᠨ 22᠎ ᠤ ᠡᠳᠦᠷ ᠣᠩᠭᠤᠨ ᠠᠭᠤᠯᠠ ᠰᠤᠮᠤ 2024 ᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠳᠠᠬᠢᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠬᠤᠷᠠᠯ ᠢ ᠳᠡᠳ᠋ ᠰᠤᠮᠤᠨ ᠳᠠᠷᠤᠭ᠎ᠠ ᠪᠤᠶᠠᠨᠲᠤᠭᠲᠠᠬᠤ ᠡᠷᠭᠢᠯᠡᠵᠦ᠂ ᠰᠤᠮᠤᠨ ᠤ ᠠᠷᠠᠳ ᠤᠨ ᠶᠠᠪᠤᠳᠠᠯ ᠤᠨ ᠲᠤᠰᠠᠯᠠᠭᠴᠢ᠂ ᠢ ᠮᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠦᠶᠯᠡᠴᠢᠯᠡᠭᠡᠨ ᠤ ᠲᠥᠪ ᠤᠨ ᠠᠵᠢᠯᠲᠠᠨ᠂ ᠬᠤᠯᠪᠣᠭᠳᠠᠯ ᠪᠥᠬᠦᠶ ᠭᠠᠴᠠᠭᠠᠨ ᠤ ᠬᠠᠷᠢᠭᠤᠴᠠᠯᠭᠠᠲᠠᠨ ᠣᠷᠣᠯᠴᠠᠵᠠᠶ᠃     ᠬᠤᠷᠠᠯ ᠳᠡᠭᠡᠷ᠎ᠡ᠂ ᠢ ᠮᠢᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠦᠶᠯᠡᠴᠢᠯᠡᠭᠡᠨ ᠤ ᠲᠥᠪ ᠤᠨ ᠠᠵᠢᠯᠲᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠮᠠᠭᠠᠳᠯᠠᠨ ᠲᠣᠭᠲᠠᠭᠠᠬᠤ ᠠᠷᠭ᠎ᠠ᠂ ᠪᠣᠳᠣᠬᠤ ᠪᠠᠷᠢᠮᠵᠢᠶ᠎ᠠ ᠳᠤ ᠨᠠᠷᠢᠨ ᠲᠠᠶᠢᠯᠤᠮᠵᠢ ᠬᠢᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠭᠰᠠᠨ ᠡᠷᠦᠬᠡ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠭᠰᠠᠨ ᠪᠠᠶᠢᠳᠠᠯ ᠢ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠨ ᠬᠥᠮᠥᠰ ᠭᠤᠶᠤᠴᠢᠯᠠᠭᠰᠠᠨ ᠡᠷᠦᠬᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠨᠥᠬᠦᠴᠡᠯ ᠵᠢᠴᠢ ᠠᠪᠤᠷᠠᠨ ᠲᠤᠰᠠᠯᠠᠬᠤ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠰᠤᠳᠤᠯᠤᠨ ᠮᠠᠭᠠᠳᠯᠠᠪᠠ᠃ ᠰᠤᠳᠤᠯᠤᠨ ᠮᠠᠭᠠᠳᠯᠠᠭᠰᠠᠨ ᠦᠷ᠎ᠡ ᠳ᠋ᠦᠩ ᠢ ᠦᠨᠳᠦᠰᠦᠯᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠤᠨ ᠨᠡᠷᠡᠰ ᠵᠢᠴᠢ ᠠᠪᠤᠷᠠᠨ ᠲᠤᠰᠠᠯᠠᠬᠤ ᠪᠠᠷᠢᠮᠵᠢᠶ᠎ᠠ ᠳᠤ ᠣᠷᠣᠭᠤᠯᠬᠤ ᠪᠠᠷ ᠲᠣᠭᠲᠠᠭᠠᠪᠠ᠃
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号