ᠣᠩᠭᠤᠨ ᠠᠭᠤᠯᠠ ᠰᠤᠮᠤ ︽ᠲᠠᠯ᠎ᠠ ᠨᠤᠲᠤᠭ ᠤᠨ ᠨᠣᠮ ᠤᠨ ᠥᠷᠥᠭᠡ︾ ᠶᠢ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠭᠠᠨ᠂ ᠲᠠᠯ᠎ᠠ ᠨᠤᠲᠤᠭ ᠤᠨ ᠨᠣᠮ ᠤᠨ ᠥᠷᠦᠭᠡᠨ ᠤ ᠰᠣᠶᠣᠯ ᠤᠨ | ᠰᠠᠭᠤᠷᠢᠨ ᠭᠠᠵᠠᠷ ᠤᠨ ᠦᠶᠯᠡᠳᠦᠯ ᠢ ᠭᠦᠶᠴᠡᠳ ᠪᠠᠳᠠᠷᠠᠭᠤᠯᠵᠦ᠂ ᠪᠣᠷᠣ ᠬᠤᠵᠢᠷ ᠭᠠᠴᠠᠭᠠᠨ ᠤ ᠲᠠᠯ᠎ᠠ ᠨᠤᠲᠤᠭ ᠤᠨ | ᠨᠣᠮ ᠤᠨ ᠥᠷᠥᠭᠡ ᠶᠢ ᠲᠠᠰ ᠳᠡᠪᠰᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ + ᠣᠯᠠᠨ ᠰᠠᠯᠠᠭ᠎ᠠ ᠮᠥᠴᠢᠷ | ᠬᠠᠮᠲᠣᠷᠠᠯᠴᠠᠨ ᠬᠠᠮᠲᠤ ᠪᠠᠷ ᠪᠠᠶᠢᠭᠤᠯᠬᠤ ᠠᠵᠢᠯ ᠤᠨ ᠵᠠᠭᠪᠤᠷ ᠢ ᠢᠳᠡᠪᠬᠢᠲᠡᠶ ᠰᠦᠪᠡᠭᠴᠢᠯᠡᠨ᠂ ᠨᠢᠭᠡᠨ ᠡᠩ ᠤᠨ | ᠲᠠᠯ᠎ᠠ ᠨᠤᠲᠤᠭ ᠤᠨ ᠨᠣᠮ ᠤᠨ ᠥᠷᠥᠭᠡ ᠠᠴᠠ ︽ᠲᠠᠯ᠎ᠠ ᠨᠤᠲᠤᠭ ᠤᠨ ᠨᠣᠮ ᠤᠨ ᠥᠷᠥᠭᠡ +︾ ᠣᠯᠠᠨ ᠡᠰᠢᠲᠦ | ᠲᠠᠪᠴᠠᠩ ᠪᠣᠯᠭᠠᠨ ᠬᠤᠪᠢᠷᠠᠭᠤᠯᠵᠦ᠂ ᠮᠠᠯᠴᠢᠳ ᠤᠨ ᠬᠡᠷ ᠤᠨ ᠡᠭᠦᠳᠡᠨ ᠳᠠᠬᠢ ᠣᠶᠤᠨ ᠤ ᠠᠮᠤ ᠬᠦᠨᠡᠰᠦ ᠶᠢᠨ ︽ | ᠬᠠᠩᠭᠠᠯᠭ᠎ᠠ ᠶᠢᠨ ᠥᠷᠲᠡᠭᠡ︾ ᠶᠢ ᠪᠣᠯᠭᠠᠪᠠ᠃ | 6 ᠰᠠᠷ᠎ᠠ ᠶᠢᠨ 3 ᠤ ᠡᠳᠦᠷ᠂ ᠤᠩᠭᠤᠨ ᠠᠭᠤᠯᠠ ᠰᠣᠮᠣᠨ ᠤ ᠪᠣᠷᠣ ᠬᠤᠵᠢᠷ ᠭᠠᠴᠠᠭᠠᠨ ᠳᠤ ︽ᠲᠠᠯ᠎ᠠ | ᠨᠤᠲᠤᠭ ᠤᠨ ᠨᠣᠮ ᠤᠨ ᠥᠷᠥᠭᠡ+︾ ᠶᠢ ᠤᠬᠠᠭᠤᠯᠤᠨ ᠲᠥᠭᠡᠮᠡᠯᠵᠢᠬᠦᠯᠬᠦ ᠶᠣᠰᠣᠯᠠᠯ ᠶᠠᠪᠤᠭᠳᠠᠪᠠ᠃ ᠬᠤᠰᠢᠭᠤᠨ | ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ ᠤᠨ ᠡᠷᠬᠡ ᠶᠢᠨ | ᠲᠣᠪᠴᠢᠶᠠᠨ ᠤ ᠳᠠᠷᠤᠭ᠎ᠠ ᠰᠣᠳᠣᠭᠡᠷᠡᠯ ᠵᠢᠴᠢ ︽ᠲᠠᠯ᠎ᠠ ᠨᠤᠲᠤᠭ ᠤᠨ ᠨᠣᠮ ᠤᠨ ᠥᠷᠥᠭᠡ +︾ ᠬᠠᠮᠲᠣᠷᠠᠨ | ᠠᠵᠢᠯᠯᠠᠬᠤ ᠰᠠᠯᠠᠭ᠎ᠠ ᠮᠥᠴᠢᠷ ᠪᠣᠯᠬᠤ ᠬᠤᠰᠢᠭᠤᠨ ᠤ ᠨᠣᠮ ᠤᠨ ᠰᠠᠩ ᠤᠨ ᠳᠠᠷᠤᠭ᠎ᠠ ᠪᠥᠷᠢᠩᠭᠤᠸᠠ᠂ ᠬᠤᠰᠢᠭᠤᠨ | ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠵᠠᠭᠤᠨᠨᠠᠮᠣᠷ᠂ ᠬᠤᠰᠢᠭᠤᠨ ᠤ ᠰᠢᠨᠬᠤᠸᠠ | ᠨᠣᠮ ᠤᠨ ᠳᠡᠯᠭᠡᠭᠦᠷ ᠤᠨ ᠳᠠᠭᠠᠭᠠᠮᠠᠯ ᠲᠤᠤ ᠶᠠᠨ ᠵᠢᠶᠦ᠋ᠨ᠂ ᠬᠤᠰᠢᠭᠤᠨ ᠤ ᠷᠠᠳᠢᠣ᠋ ᠲᠧᠯᠸᠢᠰ ᠰᠦᠯᠵᠢᠶᠡᠨ ᠤ | ᠺᠣᠮᠫᠠᠨᠢ ᠶᠢᠨ ᠳᠠᠭᠠᠭᠠᠮᠠᠯ ᠯᠢ ᠸᠧᠨ ᠪᠢᠨ ᠵᠡᠷᠭᠡ ᠤᠳᠤᠷᠢᠳᠤᠯᠭ᠎ᠠ ᠤᠷᠢᠯᠭ᠎ᠠ ᠪᠠᠷ ᠶᠣᠰᠣᠯᠠᠯ ᠳᠤ ᠣᠷᠣᠯᠴᠠᠵᠤ᠂ | ᠰᠤᠮᠤ᠂ ᠭᠠᠴᠠᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠮᠠᠯᠴᠢᠳ ᠵᠡᠷᠭᠡ 30 ᠭᠠᠷᠤᠶ ᠬᠥᠮᠦᠨ ᠶᠣᠰᠣᠯᠠᠯ ᠳᠤ | ᠣᠷᠣᠯᠴᠠᠪᠠ᠃ | ᠶᠣᠰᠣᠯᠠᠯ ᠳᠡᠭᠡᠷ᠎ᠡ᠂ ᠪᠣᠷᠣ ᠬᠤᠵᠢᠷ ᠭᠠᠴᠠᠭᠠᠨ ᠤ ᠨᠠᠮ ᠤᠨ ᠡᠭᠦᠷ ᠤᠨ ᠱᠦᠵᠢ ᠲᠤᠤᠯᠠ ᠠᠴᠠ ︽ᠪᠣᠷᠣ | ᠬᠤᠵᠢᠷ ᠭᠠᠴᠠᠭᠠᠨ ᠤ ︿ᠲᠠᠯ᠎ᠠ ᠨᠤᠲᠤᠭ ᠤᠨ ᠨᠣᠮ ᠤᠨ ᠥᠷᠥᠭᠡ +﹀ ᠠᠵᠢᠯ ᠤᠨ ᠬᠡᠷᠡᠭᠵᠢᠭᠦᠯᠬᠦ ᠲᠥᠰᠦᠯ︾ ᠢ | ᠲᠥᠬᠦᠮ ᠲᠠᠨᠢᠯᠴᠠᠭᠤᠯᠤᠭᠰᠠᠨ ᠪᠥᠭᠡᠳ ᠲᠣᠰ ᠤᠳᠠᠭᠠᠨ ᠤ ᠪᠣᠷᠣ ᠬᠤᠵᠢᠷ ᠭᠠᠴᠠᠭᠠᠨ ᠤ ︽ᠲᠠᠯ᠎ᠠ ᠨᠤᠲᠤᠭ ᠤᠨ | ᠨᠣᠮ ᠤᠨ ᠥᠷᠥᠭᠡ +︾ ᠶᠢᠨ ᠬᠠᠮᠲᠣᠷᠠᠨ ᠠᠵᠢᠯᠯᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠰᠠᠨᠠᠯ ᠢᠶᠠᠨ | ᠰᠣᠯᠢᠯᠴᠠᠪᠠ᠃ ᠶᠣᠰᠣᠯᠠᠯ ᠤᠨ ᠠᠬᠤᠢ ᠲᠠᠯᠠᠪᠠᠢ ᠳᠤ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠶᠢᠨ ᠵᠣᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ ᠰᠣᠪᠣᠳᠠᠨᠴᠡᠴᠡᠭ ᠪᠣᠯᠤᠨ ᠵᠢᠷᠭᠠᠯᠲᠤ ᠬᠤᠶᠠᠷ ᠪᠠᠭᠰᠢ ᠠᠴᠠ | ᠪᠣᠷᠣ ᠬᠤᠵᠢᠷ ᠭᠠᠴᠠᠭᠠᠨ ᠤ ︽ᠲᠠᠯ᠎ᠠ ᠨᠤᠲᠤᠭ ᠤᠨ ᠨᠣᠮ ᠤᠨ ᠦᠷᠦᠭᠡ + ᠤᠳᠬ᠎ᠠ ᠵᠣᠬᠢᠶᠠᠯ ᠤᠨ ᠵᠣᠬᠢᠶᠠᠨ | ᠪᠦᠲᠦᠭᠡᠯᠭᠡ ᠶᠢᠨ ᠰᠠᠭᠤᠷᠢᠨ ᠭᠠᠵᠠᠷ︾ ᠤᠨ ᠬᠠᠮᠲᠤᠷᠠᠯᠴᠠᠭᠠᠨ ᠤ ᠵᠠᠭᠪᠤᠷ ᠢ ᠭᠦᠢᠴᠡᠳ ᠨᠤᠲᠠᠯᠠᠵᠤ᠂ ᠬᠠᠮᠤᠭ ᠤᠨ | ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠬᠠᠮᠤᠭ ᠤᠨ ᠰᠡᠭᠦᠯ ᠳᠤ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶᠠᠨ ᠤ ᠳᠠᠷᠤᠭ᠎ᠠ ᠰᠣᠳᠣᠬᠡᠷᠡᠯ ᠳ᠋ᠦᠩᠨᠡᠯᠲᠡ ᠶᠢᠨ ᠶᠠᠷᠢᠶ᠎ᠠ | ᠲᠠᠯᠪᠢᠪᠠ᠃ ᠲᠡᠷᠡ᠂ ᠲᠠᠯ᠎ᠠ ᠨᠤᠲᠤᠭ ᠤᠨ ᠨᠣᠮ ᠤᠨ ᠥᠷᠥᠭᠡ ᠪᠣᠯ ᠣᠯᠠᠨ ᠨᠡᠶᠢᠲᠡ ᠶᠢᠨ ᠰᠣᠶᠣᠯ ᠤᠨ | ᠦᠶᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠴᠢᠬᠤᠯᠠ ᠪᠠᠬᠢᠯᠡᠯᠲᠡ᠂ ᠨᠠᠩ ᠴᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ︽ᠣᠶᠤᠨ ᠰᠠᠨᠠᠭᠠᠨ ᠤ ᠠᠮᠤ ᠬᠦᠨᠡᠰᠦ ᠶᠢᠨ | ᠬᠥᠮᠥᠷᠭᠡ︾ ᠮᠥᠨ᠃ ᠪᠣᠷᠣ ᠬᠤᠵᠢᠷ ᠭᠠᠴᠠᠭᠠᠨ ᠤ ︽ᠲᠠᠯ᠎ᠠ ᠨᠤᠲᠤᠭ ᠤᠨ ᠨᠣᠮ ᠤᠨ ᠥᠷᠥᠭᠡ +︾ ᠬᠠᠮᠲᠤ ᠪᠠᠷ | ᠪᠠᠶᠢᠭᠤᠯᠬᠤ ᠠᠵᠢᠯ ᠤᠨ ᠵᠠᠭᠪᠤᠷ ᠢ ᠭᠦᠶᠴᠡᠳ ᠨᠤᠲᠠᠯᠠᠭᠰᠠᠨ ᠪᠥᠭᠡᠳ ᠬᠥᠪᠡᠭᠡᠲᠦ ᠰᠢᠷ᠎ᠠ ᠬᠤᠰᠢᠭᠤᠨ ᠤ | ᠠᠩᠬᠠᠳᠠᠭᠴᠢ ᠬᠤᠰᠢᠭᠤᠨ ᠤ ᠨᠣᠮ ᠤᠨ ᠰᠠᠩ ᠤᠨ ᠬᠤᠪᠢᠶᠠᠷᠢ ᠰᠠᠩ ᠪᠣᠷᠣ ᠬᠤᠵᠢᠷ ᠭᠠᠴᠠᠭᠠᠨ ᠳᠤ ᠵᠢᠩᠬᠢᠨᠢ ᠪᠠᠷ | ᠠᠰᠢᠭᠯᠠᠯᠲᠠ ᠳᠤ ᠣᠷᠣᠭᠰᠠᠨ ᠳᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠭᠰᠡᠨ ᠪᠥᠭᠡᠳ ᠡᠨᠡ | ᠬᠦ ᠠᠵᠢᠯ ᠳᠤ ᠴᠢᠷᠮᠠᠶᠢᠯᠭ᠎ᠠ ᠭᠠᠷᠭᠠᠭᠰᠠᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠠᠵᠢᠯᠲᠠᠳ ᠳᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠠᠯ᠎ᠠ ᠨᠤᠲᠤᠭ ᠤᠨ ᠨᠣᠮ ᠤᠨ ᠥᠷᠦᠭᠡᠨ ᠤ ᠳᠦᠷᠢᠮᠵᠢᠭᠦᠯᠦᠯᠲᠡ᠂ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠠᠴᠠᠭᠠᠨ ᠤ ᠪᠣᠳᠠᠲᠤ ᠪᠠᠶᠢᠳᠠᠯ ᠪᠠ | ᠣᠨᠴᠠᠯᠢᠭ ᠢ ᠦᠨᠳᠦᠰᠦᠯᠡᠨ ᠪᠣᠳᠠᠲᠤ ᠬᠡᠷᠡᠭᠴᠡᠭᠡ ᠳᠤ ᠨᠡᠶᠢᠴᠡᠭᠰᠡᠨ ᠲᠠᠯ᠎ᠠ ᠨᠤᠲᠤᠭ ᠤᠨ ᠨᠣᠮ ᠤᠨ ᠥᠷᠥᠭᠡ ᠶᠢ | ᠪᠠᠶᠢᠭᠤᠯᠣᠨ᠂ ᠴᠢᠳᠠᠮᠵᠢ ᠶᠢᠨ ᠠᠭᠤᠯᠤᠭᠳᠠᠬᠤᠨ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ | ᠰᠣᠶᠣᠯ ᠤᠨ ᠦᠶᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠤᠩᠰᠢᠯᠭ᠎ᠠ ᠶᠢᠨ ᠠᠵᠢᠯ ᠢ | ᠪᠥᠬᠦ ᠲᠠᠯ᠎ᠠ ᠪᠠᠷ ᠲᠥᠭᠡᠮᠡᠯᠵᠢᠬᠦᠯᠵᠦ᠂ ︽ᠬᠡᠪ ᠱᠤᠭᠤᠬᠤ︾ ᠪᠠ ︽ᠰᠦᠭ ᠰᠦᠨᠡᠰᠦ ᠴᠣᠭᠴᠠᠯᠠᠬᠤ︾ ᠶᠢ ᠵᠡᠷᠭᠡ | ᠪᠠᠷ ᠴᠢᠬᠤᠯᠠᠴᠢᠯᠠᠬᠤ ᠶᠢ ᠴᠢᠷᠮᠠᠶᠢᠨ ᠪᠡᠶᠡᠯᠡᠭᠦᠯᠵᠦ᠂ ︽ᠲᠠᠯ᠎ᠠ ᠨᠤᠲᠤᠭ ᠤᠨ ᠨᠣᠮ ᠤᠨ ᠥᠷᠥᠭᠡ +︾ ᠶᠢ ᠪᠥᠬᠦ | ᠠᠷᠠᠳ ᠤᠨ ᠤᠩᠰᠢᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ | ᠪᠠᠶᠢᠨ᠎ᠠ ᠭᠡᠵᠦ ᠢᠯᠡᠷᠬᠡᠶᠢᠯᠡᠪᠡ᠃ | ᠪᠣᠷᠣ ᠬᠤᠵᠢᠷ ᠭᠠᠴᠠᠭ᠎ᠠ ᠨᠢ ᠲᠠᠯ᠎ᠠ ᠨᠤᠲᠤᠭ ᠤᠨ ᠨᠣᠮ ᠤᠨ ᠥᠷᠦᠭᠡᠨ ᠤ ᠪᠦᠲᠦᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠵᠤ᠂ ᠨᠣᠮ ᠤᠨ ᠥᠷᠦᠭᠡᠨ ᠤ ᠴᠢᠳᠠᠪᠬᠢ ᠶᠢ ᠲᠠᠰᠤᠷᠠᠯᠲᠠ ᠤᠢᠭᠡᠢ ᠥᠷᠭᠡᠳᠬᠡᠵᠡᠢ᠂ ︽ᠲᠠᠯ᠎ᠠ | ᠨᠣᠲᠤᠭ ᠨᠣᠮ ᠤᠨ ᠥᠷᠥᠭᠡ +︾ ᠭᠡᠳᠡᠭ ᠨᠢ ︽ᠲᠠᠯ᠎ᠠ ᠨᠤᠲᠤᠭ ᠤᠨ ᠨᠣᠮ ᠤᠨ ᠥᠷᠥᠭᠡ + ᠨᠣᠮ ᠤᠨ ᠰᠠᠩ ︾ | ᠂ ︽ᠲᠠᠯ᠎ᠠ ᠨᠤᠲᠤᠭ ᠤᠨ ᠨᠣᠮ ᠤᠨ ᠥᠷᠥᠭᠡ + ᠰᠢᠨᠬᠤᠸᠠ ᠨᠣᠮ ᠤᠨ ᠳᠡᠯᠭᠡᠭᠦᠷ︾᠂ ︽ᠲᠠᠯ᠎ᠠ ᠨᠤᠲᠤᠭ ᠤᠨ | ᠨᠣᠮ ᠤᠨ ᠥᠷᠥᠭᠡ + ᠷᠠᠳᠢᠣ᠋ ᠲᠧᠯᠸᠢᠰ ᠤᠨ ᠲᠣᠣᠷ ᠰᠦᠯᠵᠢᠶ᠎ᠡ ︾᠂ ︽ᠲᠠᠯ᠎ᠠ ᠨᠤᠲᠤᠭ ᠤᠨ ᠨᠣᠮ ᠤᠨ | ᠥᠷᠥᠭᠡ + ᠰᠦᠯᠵᠢᠶᠡᠨ ᠳᠡᠭᠡᠷᠡᠬᠢ ᠨᠣᠮ ᠤᠨ ᠥᠷᠥᠭᠡ︾᠂ ︽ᠲᠠᠯ᠎ᠠ ᠨᠤᠲᠤᠭ ᠤᠨ ᠨᠣᠮ ᠤᠨ ᠥᠷᠥᠭᠡ + | ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠰᠠᠭᠤᠷᠢᠨ ᠭᠠᠵᠠᠷ︾ ᠵᠡᠷᠭᠡ ᠲᠠᠪᠤᠨ ᠲᠠᠯ᠎ᠠ ᠶᠢ ᠬᠠᠮᠤᠷᠴᠤ᠂ ︽ᠵᠢᠵᠢᠭ | ᠰᠠᠭᠤᠷᠢᠨ ᠭᠠᠵᠠᠷ︾ ᠤᠨ ᠶᠡᠭᠡ ᠦᠢᠯᠡᠳᠦᠯ ᠢ ᠦᠨᠡᠨᠬᠦ ᠪᠠᠳᠠᠷᠠᠭᠤᠯᠤᠭᠰᠠᠨ ᠪᠠᠶᠢᠨ᠎ᠠ᠃ ᠲᠠᠯ᠎ᠠ ᠨᠤᠲᠤᠭ ᠤᠨ ᠨᠣᠮ | ᠤᠨ ᠥᠷᠥᠭᠡᠨ ᠤ ᠲᠠᠯᠪᠢᠭᠤᠷ ᠳᠡᠭᠡᠷ᠎ᠡ ᠡᠯ᠎ᠡ ᠲᠥᠷᠥᠯ ᠤᠨ ᠨᠣᠮ ᠪᠢᠴᠢᠭ ᠢ ᠲᠡᠷᠢ ᠲᠡᠭᠰᠢ ᠲᠠᠯᠪᠢᠵᠤ᠂ ᠭᠤᠣᠯᠳᠠᠭᠤ | ᠤᠳᠬ᠎ᠠ ᠵᠣᠬᠢᠶᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠵᠡᠷᠭᠡ 20 ᠭᠠᠷᠤᠶ ᠲᠥᠷᠥᠯ ᠨᠡᠶᠢᠲᠡ 1400 | ᠭᠠᠷᠤᠶ ᠳᠡᠪᠲᠡᠷ ᠢ ᠬᠠᠮᠣᠷᠣᠨ᠂ ︽ᠲᠠᠯ᠎ᠠ ᠨᠤᠲᠤᠭ ᠤᠨ ᠵᠢᠭᠡᠯᠡᠨ ᠤᠩᠰᠢᠬᠤ +︾ ᠭᠠᠷ ᠣᠳᠠᠰᠣᠨ ᠤ ᠵᠢᠵᠢᠭ | ᠫᠷᠤᠭ᠍ᠷᠠᠮ ᠢ ᠢᠳᠡᠪᠬᠢᠲᠡᠶ ᠲᠥᠭᠡᠮᠡᠯᠵᠢᠬᠦᠯᠦᠨ᠂ ᠣᠳᠣᠬᠠᠨ ᠪᠣᠯᠲᠠᠯ᠎ᠠ ᠪᠣᠷᠣ ᠬᠤᠵᠢᠷ ᠭᠠᠴᠠᠭᠠᠨ ᠤ ᠬᠢᠨ ᠲᠣᠰ | ᠲᠠᠪᠴᠠᠩ ᠳᠤ 36 ᠬᠡᠷᠡᠭᠯᠡᠭᠴᠢ ᠶᠢ ᠲᠠᠩᠰᠠᠯᠠᠭᠤᠯᠣᠨ᠂ ᠪᠣᠯᠪᠠᠰᠤᠷᠠᠩᠭᠤᠶ ᠬᠡᠷᠡᠭᠯᠡᠵᠦ᠂ ᠥᠷᠭᠡᠨ ᠣᠯᠠᠨ ᠮᠠᠯᠴᠢᠨ | ᠲᠦᠮᠡᠨ ᠴᠠᠭ ᠢᠮᠠᠭᠲᠠ ᠰᠤᠯᠠ ᠰᠡᠯᠡᠭᠦᠦ ᠴᠠᠭ ᠢᠶᠠᠨ ᠠᠰᠢᠭᠯᠠᠨ ᠨᠣᠮ ᠤᠩᠰᠢᠵᠤ᠂ ᠰᠠᠶᠢᠨ ᠰᠠᠶᠢᠬᠠᠨ ᠳᠠᠳᠬᠠᠯ ᠢ | ᠬᠥᠮᠦᠵᠢᠭᠦᠯᠬᠦ ᠶᠢ ᠵᠣᠷᠢᠭᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠣᠩᠭᠤᠨ ᠠᠭᠤᠯᠠ ᠰᠤᠮᠤ ᠨᠢ ᠲᠠᠯ᠎ᠠ ᠨᠤᠲᠤᠭ ᠤᠨ ᠨᠣᠮ ᠤᠨ ᠥᠷᠦᠭᠡᠨ ᠤ | ᠰᠣᠶᠣᠯ ᠤᠨ ᠰᠠᠭᠤᠷᠢᠨ ᠭᠠᠵᠠᠷ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ︽ᠲᠠᠯ᠎ᠠ ᠨᠤᠲᠤᠭ | ᠤᠨ ᠨᠣᠮ ᠤᠨ ᠥᠷᠥᠭᠡ +︾ ᠶᠢ ᠬᠠᠮᠲᠤ ᠪᠠᠷ ᠪᠠᠶᠢᠭᠤᠯᠬᠤ ᠠᠵᠢᠯ ᠤᠨ ᠵᠠᠭᠪᠤᠷ ᠢ ᠲᠠᠰᠤᠷᠠᠯᠲᠠ ᠥᠬᠡᠶ | ᠪᠶᠠᠯᠢᠭᠵᠢᠭᠤᠯᠣᠨ᠂ ᠲᠠᠯ᠎ᠠ ᠨᠤᠲᠤᠭ ᠤᠨ ᠨᠣᠮ ᠤᠨ ᠥᠷᠥᠭᠡ ᠬᠢᠭᠡᠳ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠠᠬᠢᠭᠤᠯᠣᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ᠂ ᠬᠤᠪᠢᠰᠬᠠᠯ ᠤᠨ | ᠰᠤᠷᠭᠠᠨ ᠬᠥᠮᠦᠵᠢᠯ ᠵᠡᠷᠭᠡ ᠠᠵᠢᠯ ᠲᠠᠢ ᠭᠦᠨᠵᠡᠭᠡᠶ ᠠᠭᠤᠰᠤᠯᠴᠠᠭᠤᠯᠵᠤ᠂ ᠰᠦᠯᠵᠢᠶᠡᠨ ᠳᠡᠭᠡᠷ᠎ᠡ + ᠰᠦᠯᠵᠢᠶᠡᠨ | ᠭᠠᠳᠠᠨ᠎ᠠ ᠬᠤᠤᠰ ᠴᠢᠭᠯᠡᠯ ᠢᠶᠠᠷ ᠬᠠᠷᠢᠯᠴᠠᠨ ᠨᠥᠬᠦᠪᠥᠷᠢᠯᠡᠵᠦ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢ | ᠦᠨᠡᠨ ᠬᠦ ᠣᠯᠠᠨ ᠲᠦᠮᠡᠨ ᠤ ︽ᠣᠶᠤᠨ ᠰᠠᠨᠠᠭᠠᠨ ᠤ ᠠᠮᠤ ᠬᠦᠨᠡᠰᠦᠨ ᠤ ᠬᠥᠮᠥᠷᠭᠡ︾ ᠵᠢᠴᠢ ᠦᠨᠳᠦᠰᠦᠨ | ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠭᠠᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠣᠶᠣᠯ ᠤᠨ ᠰᠠᠭᠤᠷᠢᠨ ᠤᠨ ᠭᠠᠵᠠᠷ ᠪᠣᠯᠭᠠᠨ᠎ᠠ᠃ |