ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠢ ᠯᠠᠪᠳᠠᠭᠤᠨ ᠪᠠᠲᠤᠲᠠᠶ | ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠢᠳᠡᠭᠡᠨ ᠤ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠬᠤ | ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠤᠩᠭᠤᠨ ᠠᠭᠤᠯᠠ ᠰᠤᠮᠤ ᠢᠳᠡᠭᠡᠨ ᠤ ᠠᠮᠤᠷ | ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠲᠣᠰᠠᠬᠠᠢ ᠰᠡᠳᠦᠪᠲᠣ ᠪᠣᠯᠪᠠᠰᠣᠷᠠᠯ | ᠥᠷᠨᠢᠭᠦᠯᠦᠨ᠂ ᠰᠣᠮᠣᠨ ᠤ ᠳᠡᠳ᠋ ᠰᠤᠮᠤᠨ ᠳᠠᠷᠤᠭ᠎ᠠ ᠪᠤᠶᠠᠨᠲᠣᠭᠲᠠᠬᠤ ᠪᠣᠯᠪᠠᠰᠣᠷᠠᠯ ᠡᠷᠭᠢᠯᠡᠵᠦ᠂ ᠰᠤᠮᠤ ᠵᠢᠴᠢ | ᠭᠠᠴᠠᠭᠠᠨ ᠤ ᠢᠳᠡᠭᠡᠨ ᠤ ᠠᠮᠤᠷ ᠲᠦᠪᠰᠢᠨ ᠤ ᠲᠠᠭᠠᠭᠠᠴᠢᠯᠠᠨ ᠬᠠᠮᠢᠶᠠᠷᠬᠤ ᠺᠠᠳ᠋ᠷ 40 ᠭᠠᠷᠤᠶ ᠬᠥᠮᠦᠨ ᠪᠣᠯᠪᠠᠰᠤᠷᠠᠯ | ᠳᠤ ᠣᠷᠣᠯᠴᠠᠪᠠ᠃ | ᠪᠣᠯᠪᠠᠰᠣᠷᠠᠯ ᠳᠡᠭᠡᠷ᠎ᠡ᠂ ᠨᠢᠭᠡ ᠳᠤ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ | ᠴᠢᠬᠤᠯᠠ ᠠᠴᠢ ᠬᠤᠯᠪᠣᠭᠳᠠᠯ᠂ ᠬᠠᠤᠯᠢ ᠴᠠᠭᠠᠵᠠ ᠶᠢᠨ ᠦᠨᠳᠦᠰᠦᠯᠡᠯ᠂ ᠭᠤᠤᠯ ᠠᠭᠤᠯᠭ᠎ᠠ ᠶᠢ ᠪᠣᠯᠪᠠᠰᠤᠷᠠᠭᠤᠯᠵᠤ᠂ | ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠤᠨ ᠲᠣᠭᠲᠠᠴᠠ ᠶᠢ | ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ︔ ᠬᠤᠶᠠᠷ ᠲᠤ | ᠲᠠᠭᠠᠭᠠᠴᠢᠯᠠᠨ ᠬᠠᠮᠢᠶᠠᠷᠬᠤ ᠺᠠᠳ᠋ᠷ ᠤᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠢᠳᠡᠭᠡᠨ ᠤ ᠦᠶᠯᠡᠳᠪᠦᠷᠢᠯᠡᠯ ᠡᠵᠡᠩᠨᠡᠯᠲᠡ ᠶᠢᠨ ᠡᠯ᠎ᠡ ᠬᠡᠪᠴᠢᠶᠡᠨ ᠳᠤ | ᠪᠠᠶᠢᠴᠠᠭᠠᠯᠲᠠ ᠶᠢᠨ ᠭᠤᠤᠯᠳᠠᠯᠭ᠎ᠠ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠪᠠ ᠡᠭᠦᠷᠭᠡ ᠶᠢᠨ | ᠨᠠᠷᠢᠨ ᠬᠠᠭᠤᠳᠠᠰᠤ ᠲᠠᠢ ᠬᠠᠷᠢᠴᠠᠭᠤᠯᠤᠨ ᠨᠠᠷᠢᠨ ᠲᠠᠶᠢᠯᠪᠤᠷᠢᠯᠠᠵᠤ᠂ ᠲᠠᠭᠠᠭᠠᠴᠢᠯᠠᠨ ᠬᠠᠮᠢᠶᠠᠷᠬᠤ ᠺᠠᠳ᠋ᠷ ᠤᠨ | ᠵᠢᠯᠣᠭᠤᠳᠬᠤ ᠶᠠᠪᠤᠴᠠ ᠳᠤ ᠠᠩᠬᠠᠷᠬᠤ ᠴᠢᠬᠤᠯᠠᠲᠠᠶ ᠵᠦᠶᠯᠡᠰ᠂ ᠭᠤᠤᠯᠳᠠᠯᠭ᠎ᠠ ᠲᠠᠢ ᠪᠠᠶᠢᠴᠠᠭᠠᠬᠤ ᠭᠤᠭᠴᠤᠭ᠎ᠠ ᠳᠤ | ᠪᠣᠯᠪᠠᠰᠤᠷᠠᠭᠤᠯᠤᠯ ᠬᠢᠬᠦ ᠶᠢ ᠴᠢᠬᠤᠯᠠᠴᠢᠯᠠᠨ᠂ ᠲᠠᠭᠠᠭᠠᠴᠢᠯᠠᠨ ᠬᠠᠮᠢᠶᠠᠷᠬᠤ ᠺᠠᠳ᠋ᠷ ᠤᠨ ᠢᠳᠡᠭᠡᠨ ᠤ ᠠᠮᠤᠷ ᠲᠦᠪᠰᠢᠨ | ᠤ ᠲᠤᠰᠬᠠᠶ ᠮᠡᠳᠡᠯᠭᠡ ᠪᠠ ᠠᠰᠠᠭᠤᠳᠠᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠬᠦᠯᠦᠨ᠂ ︽ᠶᠠᠭᠤ ᠶᠢ ᠦᠵᠡᠬᠦ᠂ ᠶᠠᠭᠤ ᠶᠢ ᠪᠠᠶᠢᠴᠠᠭᠠᠬᠤ᠂ ᠶᠠᠭᠤ ᠶᠢ ᠠᠰᠠᠭᠤᠬᠤ᠂ ᠶᠠᠭᠤ ᠶᠢ | ᠱᠠᠭᠠᠷᠳᠠᠭᠤᠯᠬᠤ᠂ ᠶᠠᠭᠠᠬᠢᠵᠤ ᠱᠠᠭᠠᠷᠳᠠᠭᠤᠯᠬᠤ︾ ᠲᠤᠬᠠᠢ ᠨᠠᠷᠢᠨ ᠲᠠᠶᠢᠯᠪᠤᠷᠢᠯᠠᠵᠤ᠂ ᠲᠠᠭᠠᠭᠠᠴᠢᠯᠠᠨ ᠬᠠᠮᠢᠶᠠᠷᠬᠤ ᠶᠢᠨ | ᠵᠢᠯᠣᠭᠤᠳᠬᠤ ᠠᠷᠭ᠎ᠠ ᠶᠢ ᠡᠵᠡᠮᠰᠢᠬᠦ ᠶᠢ ᠵᠢᠯᠣᠭᠤᠳᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠦᠷᠭᠦᠯᠵᠢᠯᠡᠨ | ᠬᠠᠮᠵᠢᠯᠴᠠᠵᠤ᠂ ᠳᠠᠭᠠᠭᠠᠴᠢᠯᠠᠨ ᠬᠠᠮᠢᠶᠠᠷᠬᠤ ᠠᠵᠢᠯ ᠢ ᠪᠦᠷᠢᠨ ᠪᠥᠷᠬᠦᠭᠦᠯᠬᠦ ᠳᠤ ᠬᠦᠴᠦᠨ ᠨᠡᠮᠡᠷᠢᠯᠡᠵᠦ᠂ ᠢᠳᠡᠭᠡᠨ ᠤ | ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠬᠤ ᠶᠢ | ᠦᠨᠡᠨ ᠬᠦ ᠪᠠᠲᠤᠯᠠᠨ᠎ᠠ᠃ |