︽ᠪᠠᠭᠤᠴᠠᠨ ᠴᠢᠯᠠᠭᠤ︾ ᠰᠤᠷᠭᠠᠭᠤᠯᠢ ᠶᠢᠨ ᠬᠦᠷᠢᠶᠡᠨ ᠤ ᠵᠣᠬᠢᠶᠠᠨ ᠪᠢᠴᠢᠯᠬᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 2᠎ ᠤᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠂ ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ ᠲᠠᠢ ᠬᠠᠮᠲᠤᠷᠠᠨ ᠠᠷᠪᠠᠳᠤᠭᠠᠷ ᠬᠤᠭᠤᠴᠠᠭᠠᠨ ᠤ ︽ᠪᠠᠭᠤᠴᠠᠨ ᠴᠢᠯᠠᠭᠤ︾ ᠰᠤᠷᠭᠠᠭᠤᠯᠢ ᠶᠢᠨ ᠬᠦᠷᠢᠶᠡᠨ ᠤ ᠵᠣᠬᠢᠶᠠᠨ ᠪᠢᠴᠢᠯᠬᠡ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠢ ᠶᠠᠪᠣᠬᠳᠠᠭᠤᠯᠪᠠ᠃     ᠶᠣᠰᠣᠯᠠᠯ ᠨᠢ ᠮᠣᠷᠢᠨ ᠬᠤᠭᠤᠷ ᠤᠨ ᠠᠶᠠᠰ ᠤᠨ ᠳᠤᠮᠳᠠ ᠬᠦᠰᠢᠬᠡ ᠪᠠᠨ ᠰᠡᠬᠦᠵᠣ᠂ ᠰᠣᠷᠣᠬᠴᠢᠳ ᠤᠨ ᠢᠷᠠᠭᠤ ᠳᠠᠭᠤᠤ ᠬᠦᠭᠵᠢᠮ᠂ ᠤᠶᠠᠩᠭᠠᠲᠦ ᠨᠠᠶᠢᠷᠠᠭ ᠰᠢᠯᠦᠭ ᠢᠶᠠᠷ ᠢᠶᠠᠨ ᠬᠤᠷᠠᠭᠰᠠᠨ ᠤᠯᠠᠨ ᠤ ᠰᠤᠨᠤᠷ ᠢ ᠮᠢᠯᠢᠶᠠᠵᠤ ᠂ ᠰᠡᠳᠬᠢᠯ ᠢ ᠪᠠᠶᠠᠰᠬᠠᠨ᠂ ᠪᠠᠭᠠᠴᠤᠳ ᠬᠡᠤᠬᠡᠳ ᠲᠤ ᠪᠠᠨ ᠦᠨᠳᠦᠰᠦᠲᠡᠨ ᠤ ᠰᠤᠳᠤᠨ ᠰᠤᠶᠤᠯ ᠤᠨ ᠭᠠᠶᠢᠬᠠᠮᠰᠢᠭ ᠢ ᠦᠪᠯᠡᠨ ᠤᠯᠠᠮᠵᠢᠯᠠᠬᠤ ᠴᠢᠬᠤᠯᠠ ᠴᠢᠨᠠᠷ ᠢ ᠲᠠᠨᠢᠭᠤᠯᠵᠠᠢ᠃ ᠲᠤᠰ ᠤᠳᠠᠭ᠎ᠠ ᠪᠦᠬᠦ ᠬᠤᠰᠢᠭᠤᠨ ᠤ ᠡᠯ᠎ᠡ ᠰᠤᠷᠭᠠᠭᠤᠯᠢ ᠎ ᠠᠴᠠ ᠡᠯᠰᠡᠭᠰᠡᠨ 207 ᠵᠤᠬᠢᠶᠠᠯ ᠢ ᠰᠢᠯᠭᠠᠷᠠᠭᠤᠯᠤᠨ᠂ 54 ᠪᠢᠴᠢᠬᠠᠨ ᠵᠣᠬᠢᠶᠠᠯᠴᠢ ᠪᠣᠯᠤᠨ 4 ᠰᠢᠯᠢᠳᠡᠭ ᠵᠢᠯᠤᠭᠤᠳᠤᠭᠰᠠᠨ ᠪᠠᠭᠰᠢ ᠶᠢ ᠬᠥᠬᠢᠭᠦᠯᠦᠨ ᠱᠠᠩᠨᠠᠪᠠ᠃ ︽ᠮᠠᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ 2017 ᠣᠨ ᠳᠤ ᠠᠩᠬ᠎ᠠ ᠪᠠᠶᠢᠭᠤᠯᠣᠬᠳᠠᠬᠰᠠᠨ ᠠᠴᠠ ᠨᠠᠭᠠᠰᠢ ᠰᠣᠷᠭᠠᠭᠤᠯᠢ ᠶᠢᠨ ᠬᠦᠷᠢᠶᠠᠨ ᠤ ᠦᠢᠯᠡ ᠠᠵᠢᠯᠯᠠᠭ᠎ᠠ ᠶᠢ ᠳᠠᠰᠤᠷᠠᠯᠲᠠ ᠦᠭᠡᠢ ᠬᠢᠵᠤ ᠪᠠᠶᠢᠨ᠎ᠠ︔ ᠰᠢᠯᠣᠭᠤᠨ ᠬᠦᠬᠡ᠂ ᠪᠠᠷᠠᠭᠤᠨ ᠰᠦᠨᠢᠳ ᠲᠠᠶᠢᠹᠣᠰᠧ ᠬᠤᠰᠢᠭᠤᠨ ᠳᠤ ᠪᠠᠰᠠ ᠬᠢᠭᠰᠡᠨ︔ ᠬᠤᠵᠢᠮ ᠪᠣᠯᠣᠯᠴᠠᠭ᠎ᠠ ᠲᠠᠢ ᠪᠤᠯ ᠰᠢᠯᠢ ᠶᠢᠨ ᠭᠤᠣᠯ ᠠᠶᠢᠮᠠᠭ ᠤᠨ ᠢᠶᠠᠨ ᠡᠯ᠎ᠡ ᠬᠤᠰᠢᠭᠤᠳ ᠢᠶᠠᠷ ᠪᠦᠷ ᠬᠢᠶ᠎ᠠ ᠬᠡᠵᠣ ᠪᠣᠳᠣᠵᠣ ᠪᠠᠶᠢᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ ᠤᠨ ᠲᠡᠷᠢᠬᠦᠯᠡᠭᠴᠢ ᠵᠢᠷᠭᠠᠯᠳᠣ ᠶᠠᠷᠢᠯ᠎ᠠ᠃     ᠲᠣᠰ ᠤᠳᠠᠭᠠᠨ ᠤ ᠵᠣᠬᠢᠶᠠᠨ ᠪᠢᠴᠢᠯᠬᠡ ᠶᠢᠨ ᠤᠷᠤᠯᠳᠤᠭᠠᠨ ᠨᠢ ᠮᠠᠨ ᠤ ᠬᠤᠰᠢᠭᠤᠨ ᠤ ᠰᠤᠷᠤᠭᠴᠢᠳ ᠤᠨ ᠤᠳᠬ᠎ᠠ ᠵᠣᠬᠢᠶᠠᠯ ᠤᠨ ᠬᠡᠪ ᠪᠣᠯᠪᠠᠰᠤᠷᠠᠯ ᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠪᠥᠬᠦ ᠬᠤᠰᠢᠭᠤᠨ ᠤ ᠰᠤᠷᠤᠭᠴᠢᠳ ᠲᠤ ᠵᠤᠬᠢᠶᠠᠯ ᠪᠦᠲᠦᠭᠡᠯ ᠪᠢᠴᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号