ᠰᠤᠷᠤᠭᠴᠢᠳ ᠤᠨ ᠡᠬᠡ ᠪᠠᠶᠢᠭᠠᠯᠢ ᠶᠢ ᠬᠠᠮᠠᠭᠠᠯᠠᠬᠤ ᠤᠷᠠᠯᠢᠭ ᠤᠨ ᠪᠦᠲᠦᠭᠡᠯ ᠤᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/7
     ᠰᠢ ᠶᠢᠨ ᠫᠢᠩ  ᠤᠨ  ᠠᠮᠢ ᠠᠬᠤᠶ ᠶᠢᠨ ᠪᠣᠯᠪᠠᠰᠤᠨ ᠎ ᠤ ᠦᠵᠡᠯ ᠰᠠᠨᠠᠭ᠎ᠠ ᠎ ᠶᠢ ᠭᠦᠨᠵᠡᠭᠡᠶ ᠲᠤᠤᠱᠯᠠᠭᠤᠯᠵᠤ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ︾ ᠭᠤᠣᠯ ᠰᠡᠳᠦᠪᠲᠦ ᠦᠵᠡᠯ ᠰᠠᠨᠠᠭ᠎ᠠ ᠶᠢᠨ ᠲᠣᠭᠤᠷᠢᠨ ᠳᠤ᠂ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠲᠠᠢ ᠤᠶᠠᠯᠳᠤᠭᠤᠯᠵᠤ᠂ ᠪᠠᠭᠰᠢ ᠰᠤᠷᠤᠭᠴᠢᠳ ᠤᠨ ᠠᠮᠢ ᠠᠬᠤᠶ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠤᠷᠴᠢᠮᠬᠠᠨ ᠬᠦᠪᠡᠭᠡᠲᠦ ᠰᠢᠷ᠎ᠠ ᠬᠤᠰᠢᠭᠤ ᠨᠢ ᠡᠬᠡ ᠪᠠᠶᠢᠭᠠᠯᠢ ᠶᠢ ᠬᠠᠮᠠᠭᠠᠯᠠᠬᠤ ᠰᠤᠷᠭᠠᠭᠤᠯᠢ ᠶᠢᠨ ᠬᠦᠷᠢᠶᠡᠨ ᠤ ᠭᠤᠤᠯ ᠰᠡᠳᠦᠪᠲᠦ ᠤᠷᠠᠯᠢᠭ ᠤᠨ ᠪᠦᠲᠦᠭᠡᠯ ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠶᠠᠪᠤᠭᠳᠠᠭᠤᠯᠵᠠᠢ᠃     ᠠᠵᠢᠯᠯᠠᠭ᠎ᠠ ᠳᠤ ᠤᠷᠤᠯᠴᠠᠭᠰᠠᠨ ᠬᠤᠰᠢᠭᠤᠨ ᠤ ᠤᠳᠤᠷᠢᠳᠤᠯᠭ᠎ᠠ ᠵᠢᠴᠢ ᠡᠯ᠎ᠡ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠦᠯᠦᠭᠡᠯᠡᠭᠴᠢ ᠡᠬᠡ ᠪᠠᠶᠢᠭᠠᠯᠢ ᠶᠢ ᠬᠠᠮᠠᠭᠠᠯᠠᠬᠤ ᠭᠤᠤᠯ ᠰᠡᠳᠦᠪᠲᠦ ᠤᠷᠠᠯᠢᠭ ᠤᠨ ᠪᠦᠲᠦᠭᠡᠯ ᠤᠨ ᠦᠵᠡᠬᠦᠯᠭᠡ ᠶᠢ ᠲᠣᠭᠤᠷᠢᠨ ᠦᠵᠡᠵᠦ᠂ ᠰᠤᠷᠤᠭᠴᠢᠳ ᠎ ᠤᠨ ᠪᠦᠲᠦᠭᠡᠯ ᠢᠶᠠᠷ ᠬᠠᠷᠠᠭᠤᠯᠤᠭᠰᠠᠨ ᠠᠮᠢ ᠠᠬᠤᠢ ᠶᠢᠨ ᠪᠣᠯᠪᠠᠰᠤᠨ ᠢ ᠬᠠᠮᠠᠭᠠᠯᠠᠬᠤ ᠴᠢᠬᠤᠯᠠ ᠴᠢᠨᠠᠷ ᠢ ᠭᠦᠨᠵᠡᠭᠡᠢ ᠮᠡᠳᠡᠷᠡᠭᠰᠡᠨ ᠪᠠᠶᠢᠨ᠎ᠠ᠃     ᠦᠵᠡᠭᠦᠯᠭᠡ ᠶᠢᠨ ᠲᠠᠯᠠᠪᠠᠢ ᠳᠤ ᠪᠠᠰᠠ ᠣᠷᠴᠢᠨ ᠲᠣᠭᠤᠷᠢᠨ ᠢ ᠬᠠᠮᠠᠭᠠᠯᠠᠬᠤ ᠮᠡᠳᠡᠯᠭᠡ ᠶᠢᠨ ᠰᠠᠮᠪᠠᠷ᠎ᠠ ᠳᠤᠬᠢᠷᠠᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠠᠮᠢ ᠠᠬᠤᠢ ᠎ ᠶᠢ ᠬᠠᠮᠠᠭᠠᠯᠠᠬᠤ ᠡᠯ᠎ᠡ ᠲᠠᠯ᠎ᠠ ᠶᠢᠨ ᠤᠨᠤᠯ ᠮᠡᠳᠡᠯᠭᠡ ᠶᠢ ᠲᠦᠭᠡᠮᠡᠯᠵᠢᠭᠦᠯᠵᠡᠢ᠃ ︽ᠥᠨᠥᠳᠦᠷ ᠤᠨ ᠠᠵᠢᠯᠯᠠᠭ᠎ᠠ ᠳᠤ ᠤᠷᠤᠯᠴᠠᠭᠠᠳ ᠪᠢ ᠣᠷᠴᠢᠨ ᠲᠤᠭᠤᠷᠢᠨ ᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠣᠶᠢᠯᠠᠭᠠᠵᠤ᠂ ᠪᠠᠰᠠ ᠴᠡᠪᠡᠷᠯᠡᠭᠴᠢ ᠶᠢᠨ ᠠᠵᠢᠯ ᠤᠨ ᠬᠦᠴᠢᠷ ᠢ ᠤᠶᠢᠯᠠᠭᠠᠵᠠᠢ︔ ᠦᠵᠡᠭᠦᠯᠭᠡ ᠳᠤ ᠣᠷᠣᠯᠴᠠᠭᠰᠠᠨ ᠪᠦᠲᠦᠭᠡᠯ ᠤᠨ ᠲᠦᠭᠦᠬᠡᠶ ᠮᠠᠲ᠋ᠧᠷᠢᠶᠠᠯ ᠪᠣᠯ ᠪᠦᠷ ᠪᠢᠳᠡᠨ ᠤ ᠭᠠᠷ ᠤᠨ ᠠᠶ᠎ᠠ ᠪᠠᠷ ᠬᠠᠶᠠᠭᠰᠠᠨ ᠬᠤᠭ ᠨᠣᠪᠰᠢ ᠮᠥᠨ︔ ᠬᠤᠶᠢᠰᠢᠳᠠ ᠪᠢᠳᠡ ᠬᠤᠭ ᠨᠤᠪᠰᠢ ᠶᠢ ᠬᠤᠷᠢᠶᠠᠨ ᠠᠪᠴᠤ ᠠᠰᠢᠭᠯᠠᠵᠤ᠂ ᠬᠡᠷᠡᠭᠴᠡᠭᠡ ᠲᠠᠢ ᠡᠳ᠋ ᠪᠣᠳᠠᠰ ᠪᠣᠯᠭᠠᠪᠠᠯ ᠵᠣᠬᠢᠨ᠎ᠠ ᠭᠡᠵᠥ ᠪᠤᠳᠣᠵᠤ ᠪᠠᠶᠢᠨ᠎ᠠ︾ ᠭᠡᠵᠤ ᠰᠤᠷᠤᠭᠴᠢ ᠰᠢᠨᠡᠣᠳᠤ ᠶᠠᠷᠢᠯ᠎ᠠ᠃      ᠲᠣᠰ ᠤᠳᠠᠭᠠᠨ ᠤ ᠠᠵᠢᠯᠯᠠᠭ᠎ᠠ ᠶᠢ ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ ᠬᠠᠮᠲᠤᠷᠠᠨ ᠡᠷᠭᠢᠯᠡᠵᠡᠶ᠃ ᠤᠷᠠᠨ ᠵᠢᠷᠤᠭ᠂ ᠤᠷᠠᠨ ᠪᠢᠴᠢᠯᠭᠡ᠂ ᠱᠤᠭᠤᠮᠠᠯ ᠵᠡᠷᠭᠡ ᠤᠯᠠᠨ ᠲᠦᠷᠦᠯ ᠤᠨ ᠤᠷᠠᠯᠢᠭ ᠤᠨ ᠬᠡᠯᠪᠡᠷᠢ ᠶᠢᠨ ᠨᠡᠶᠢᠲᠡ 90 ᠭᠠᠷᠤᠢ ᠭᠠᠷ ᠤᠷᠠᠯᠠᠯ ᠤᠨ ᠪᠦᠲᠦᠭᠡᠯ ᠢ ᠳᠡᠯᠭᠡᠨ ᠦᠵᠡᠭᠦᠯᠵᠦ᠂ ᠭᠤᠣᠯᠳᠠᠭᠤ ᠵᠠᠯᠠᠭᠤᠴᠤᠳ ᠪᠠᠭᠠᠴᠤᠳ ᠤᠨ ᠬᠠᠷᠠᠭᠠᠰᠤ ᠪᠠᠷ ᠰᠢᠨ᠎ᠡ ᠶᠢ ᠡᠬᠦᠳᠬᠦ ᠰᠡᠳᠬᠢᠴᠡ ᠲᠠᠢ ᠤᠶᠠᠯᠳᠤᠭᠤᠯᠤᠭᠰᠠᠨ ᠣᠷᠴᠢᠨ ᠲᠣᠭᠤᠷᠢᠨ ᠢ ᠬᠠᠮᠠᠭᠠᠯᠠᠬᠤ ᠦᠵᠡᠯᠲᠡ ᠶᠢ ᠬᠠᠷᠠᠭᠤᠯᠵᠤ᠂ ᠬᠥᠮᠦᠰ ᠤᠨ ᠪᠠᠶᠢᠭᠠᠯᠢ ᠶᠢᠨ ᠣᠷᠴᠢᠨ ᠲᠣᠭᠤᠷᠢᠨ᠂ ᠣᠷᠣᠰᠢᠨ ᠰᠠᠭᠤᠬᠤ ᠣᠷᠴᠢᠨ ᠲᠣᠭᠤᠷᠢᠨ ᠤ ᠲᠤᠬᠠᠢ ᠠᠩᠬᠠᠷᠤᠯ ᠢ ᠳᠠᠳᠠᠵᠤ᠂ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠳᠠᠯᠠᠬᠤ ᠶᠢ ᠰᠤᠷᠲᠠᠯᠴᠢᠯᠠᠵᠠᠢ᠃
 
ᠢᠷᠡᠯᠲᠡ᠄ ᠬᠦᠪᠡᠭᠡᠲ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号