ᠣᠯᠣᠰ ᠤᠨ ᠨᠢᠬᠡᠳᠣᠯᠲᠠᠢ ᠰᠢᠯᠭᠠᠯᠳᠠ ᠶᠢᠨ ᠪᠡᠯᠡᠳᠬᠡᠯ ᠠᠵᠢᠯ ᠤᠷᠤᠭᠰᠢᠲᠠᠢ ᠪᠠᠶᠢᠨ᠎ᠠ
ᠨᠡᠶᠢᠲᠡᠯᠡᠭᠰᠡᠨ ᠴᠠᠭ᠄
2024/6/7
     ᠶᠡᠭᠡ ᠲᠡᠬᠡᠳᠣ ᠰᠣᠷᠭᠠᠭᠤᠯᠢ ᠳᠤ ᠰᠣᠷᠣᠬᠴᠢ ᠡᠯᠰᠡᠬᠦ ᠣᠯᠣᠰ ᠤᠨ ᠨᠢᠬᠡᠳᠣᠯᠲᠠᠢ ᠰᠢᠯᠭᠠᠯᠳᠠ 6 ᠰᠠᠷ᠎ᠠ ᠶᠢᠨ 7᠎ ᠤ ᠡᠳᠦᠷ ᠡᠬᠢᠯᠡᠨ ᠶᠠᠪᠣᠬᠳᠠᠬᠤ ᠪᠠᠷ ᠪᠠᠶᠢᠬᠤ ᠲᠣᠯᠠ᠂ ᠬᠥᠪᠡᠭᠡᠲᠦ ᠰᠢᠷ᠎ᠠ ᠬᠤᠰᠢᠭᠤ ᠰᠢᠯᠭᠠᠯᠲᠠ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠳᠣᠯᠠᠵᠣ ᠪᠣᠢ᠃     6 ᠰᠠᠷ᠎ᠠ ᠶᠢᠨ 6᠎ ᠤ ᠡᠳᠦᠷ᠂ ᠰᠣᠷᠪᠣᠯᠵᠢᠯᠠᠬᠴᠢ ᠬᠥᠪᠡᠭᠡᠲᠦ ᠰᠢᠷ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠬᠦᠷᠬᠦ ᠳᠤ᠂ ᠪᠠᠴᠢᠮ ᠪᠠᠶᠢᠳᠠᠯ ᠢ ᠠᠷᠭᠠᠴᠠᠭᠠᠬᠤ ᠴᠠᠬᠢᠯᠭᠠᠨ  ᠬᠠᠩᠭᠠᠬᠤ ᠲᠡᠷᠭᠡ ᠰᠢᠯᠭᠠᠯᠲᠠ ᠶᠢᠨ ᠲᠠᠯᠠᠪᠤᠷ ᠤᠨ ᠭᠠᠳᠠᠨ᠎ᠠ ᠵᠤᠭᠰᠤᠵᠤ᠂ ᠣᠯᠣᠰ ᠤᠨ ᠨᠢᠬᠡᠳᠣᠯᠲᠠᠢ ᠰᠢᠯᠭᠠᠯᠲᠠ ᠶᠢᠨ ᠬᠤᠭᠤᠴᠠᠭᠠᠨ ᠳᠠᠬᠢ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠳᠣᠯᠠᠬᠤ ᠳᠤ ᠪᠡᠯᠡᠬᠡᠨ ᠪᠣᠯᠣᠭᠠᠳ ᠪᠠᠶᠢᠯ᠎ᠠ᠃ ᠣᠳᠣ ᠪᠣᠯᠬᠤ ᠳᠤ ᠰᠢᠯᠭᠠᠯᠲᠠ ᠶᠢᠨ ᠲᠠᠯᠠᠪᠠᠶ ᠶᠢᠨ ᠡᠯ᠎ᠡ ᠵᠦᠢᠯ ᠤᠨ ᠪᠡᠯᠡᠳᠬᠡᠯ ᠠᠵᠢᠯ ᠦᠨᠳᠦᠰᠦᠨ ᠳᠡᠭᠡᠨ ᠪᠡᠯᠡᠬᠡᠨ ᠪᠣᠯᠣᠬᠰᠠᠨ ᠪᠠᠶᠢᠨ᠎ᠠ᠃ ︽ᠣᠯᠣᠰ ᠤᠨ ᠨᠢᠬᠡᠳᠣᠯᠲᠠᠢ ᠰᠢᠯᠭᠠᠯᠲᠠ ᠠᠴᠠ ᠡᠮᠣᠨ᠎ᠠ᠂ ᠮᠠᠨ ᠤ ᠨᠢᠬᠡᠳᠣᠬᠡᠷ ᠲᠤᠮᠲᠠᠲᠤ ᠰᠤᠷᠭᠠᠭᠤᠯᠢ ᠨᠢ ᠪᠠᠷᠢᠮᠵᠢᠶᠠᠵᠢᠬᠰᠠᠨ ᠰᠢᠯᠭᠠᠯᠲᠠ ᠶᠢᠨ ᠴᠡᠭ ᠤᠨ 18 ᠰᠢᠯᠭᠠᠯᠲᠠ ᠶᠢᠨ ᠲᠠᠯᠠᠪᠠᠢ ᠳᠤ ᠳᠤᠬᠢᠶ᠎ᠠ ᠬᠠᠯᠬᠠᠯᠠᠬᠤ ᠳᠦᠬᠦᠭᠡᠷᠦᠮᠵᠢ ᠤᠭᠰᠠᠷᠠᠪᠠ︔ ᠮᠠᠨ ᠤ ᠰᠤᠷᠭᠠᠭᠤᠯᠢ ᠨᠢ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠷ ᠤᠲᠠᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠴᠡᠭ ᠲᠤ ᠣᠷᠣᠬᠤ ᠡᠭᠦᠳᠡ ᠬᠢᠭᠡᠳ ᠰᠢᠯᠭᠠᠯᠲᠠ ᠶᠢᠨ ᠲᠠᠯᠠᠪᠤᠷ ᠲᠤ ᠣᠷᠣᠬᠤ ᠡᠭᠦᠳᠡᠨ ᠳᠤ ᠬᠤᠶᠠᠷ ᠤᠳᠠᠭ᠎ᠠ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠰᠢᠯᠭᠠᠭᠤᠯᠤᠭᠴᠢ ᠶᠢᠨ ᠭᠠᠷ ᠤᠲᠠᠰᠤ᠂ ᠷᠠᠳᠢᠣ᠋ ᠪᠠᠷ ᠬᠡᠮ ᠬᠢᠬᠦ᠂ ᠪᠠᠭᠠᠵᠢ ᠬᠡᠷᠡᠭᠰᠡᠯ ᠵᠢᠴᠢ ᠲᠣᠭᠲᠠᠭᠠᠯ ᠠᠴᠠ ᠵᠥᠷᠢᠴᠡᠭᠰᠡᠨ ᠪᠤᠰᠤᠳ ᠡᠳ᠋ ᠪᠣᠳᠠᠰ ᠢ ᠰᠢᠯᠭᠠᠯᠲᠠ ᠶᠢᠨ ᠴᠡᠭ ᠲᠤ ᠠᠪᠴᠦ ᠤᠷᠤᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠰᠢᠯᠭᠠᠯᠲᠠ ᠶᠢᠨ ᠲᠥᠪ ᠭᠤᠤᠯᠴᠢ ᠪᠥᠭᠡᠳ ᠡᠷᠬᠡ ᠲᠡᠭᠰᠢ ᠪᠠᠶᠢᠬᠤ ᠶᠢ ᠦᠨᠡᠨ ᠬᠦ ᠪᠠᠳᠣᠯᠠᠨ᠎ᠠ︾ ᠭᠡᠵᠤ ᠬᠤᠰᠢᠭᠤᠨ ᠤ ᠨᠢᠭᠡᠲᠦᠭᠡᠷ ᠲᠤᠮᠲᠠᠲᠦ ᠰᠤᠷᠭᠠᠭᠤᠯᠢ ᠶᠢᠨ ᠬᠢᠴᠢᠶᠠᠯ ᠬᠦᠮᠦᠵᠢᠯ ᠤᠨ ᠭᠠᠵᠠᠷ ᠤᠨ ᠡᠷᠭᠢᠯᠡᠭᠴᠢ ᠳᠢᠩ ᠵᠧᠨ ᠢᠤᠢ ᠶᠠᠷᠢᠪᠠ᠃      ᠰᠤᠷᠪᠤᠯᠵᠢᠯᠠᠭᠴᠢ ᠬᠥᠪᠡᠭᠡᠲᠦ ᠰᠢᠷ᠎ᠡ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠰᠤᠷᠤᠭᠴᠢ ᠡᠯᠰᠡᠬᠦ ᠰᠢᠯᠭᠠᠯᠳᠠ ᠶᠢᠨ ᠲᠥᠪ ᠠᠴᠠ ᠤᠶᠢᠯᠠᠭᠠᠭᠰᠠᠨ ᠢᠶᠠᠷ᠂ 2024 ᠣᠨ ᠳᠤ ᠬᠥᠪᠡᠭᠡᠲᠦ ᠰᠢᠷ᠎ᠡ ᠬᠤᠰᠢᠭᠤᠨ ᠤ ᠶᠡᠭᠡ ᠲᠡᠬᠡᠳᠣ ᠰᠣᠷᠭᠠᠭᠤᠯᠢ ᠳᠤ ᠰᠣᠷᠣᠬᠴᠢ ᠡᠯᠰᠡᠬᠦ  ᠣᠯᠣᠰ ᠤᠨ ᠨᠢᠬᠡᠳᠣᠯᠲᠠᠢ ᠰᠢᠯᠭᠠᠯᠳᠠ ᠳᠤ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ 145 ᠪᠠᠶᠢᠵᠣ᠂ ᠨᠢᠳᠤᠨᠤᠨ ᠤ ᠬᠢ ᠠᠴᠠ 12 ᠬᠥᠮᠦᠨ ᠨᠡᠮᠡᠭᠳᠡᠵᠣ᠂ ᠡᠭᠦᠨ ᠳᠤ 133 ᠬᠥᠮᠦᠨ ︵ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯᠯᠡᠬᠦ 49 ᠬᠥᠮᠦᠨ᠂ ᠮᠣᠩᠭᠤᠯ ᠢᠶᠠᠷ ᠬᠢᠴᠢᠶᠡᠯᠯᠡᠬᠦ 84 ᠬᠥᠮᠦᠨ ᠪᠠᠭᠲᠠᠨ᠎ᠠ︶᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ 12 ᠬᠥᠮᠦᠨ ᠡᠯᠰᠡᠭᠳᠡᠪᠡ᠃ ᠪᠥᠬᠦ ᠬᠤᠰᠢᠭᠤᠨ ᠳᠤ ᠨᠡᠶᠢᠲᠡ 1 ᠰᠢᠯᠭᠠᠯᠲᠠ ᠶᠢᠨ ᠴᠡᠭ᠂ 8 ᠰᠢᠯᠭᠠᠯᠲᠠ ᠶᠢᠨ ᠲᠠᠯᠠᠪᠠᠶ ᠭᠠᠷᠭᠠᠵᠤ᠂ ᠣᠯᠣᠰ ᠤᠨ ᠨᠢᠬᠡᠳᠣᠯᠲᠠᠢ ᠰᠢᠯᠭᠠᠯᠲᠠ ᠶᠢ ᠤᠭᠳᠤᠬᠤ ᠪᠠᠷ ᠪᠡᠯᠡᠭᠡᠨ ᠪᠤᠯᠤᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号