6 ᠰᠠᠷ᠎ᠠ ᠶᠢᠨ 2 ᠤᠨ ᠡᠳᠦᠷ᠂ ᠬᠦᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ | ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ ᠲᠠᠢ ᠬᠠᠮᠲᠤᠷᠠᠨ ᠠᠷᠪᠠᠳᠤᠭᠠᠷ | ᠬᠤᠭᠤᠴᠠᠭᠠᠨ ᠤ ︽ᠪᠠᠭᠤᠴᠠᠨ ᠴᠢᠯᠠᠭᠤ︾ ᠰᠤᠷᠭᠠᠭᠤᠯᠢ ᠶᠢᠨ ᠬᠦᠷᠢᠶᠡᠨ ᠤ ᠵᠣᠬᠢᠶᠠᠨ ᠪᠢᠴᠢᠯᠬᠡ ᠶᠢᠨ | ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠢ ᠶᠠᠪᠣᠬᠳᠠᠭᠤᠯᠪᠠ᠃ | ᠶᠣᠰᠣᠯᠠᠯ ᠨᠢ ᠮᠣᠷᠢᠨ ᠬᠤᠭᠤᠷ ᠤᠨ ᠠᠶᠠᠰ ᠤᠨ ᠳᠤᠮᠳᠠ ᠬᠦᠰᠢᠬᠡ ᠪᠠᠨ ᠰᠡᠬᠦᠵᠣ᠂ ᠰᠣᠷᠣᠬᠴᠢᠳ ᠤᠨ ᠢᠷᠠᠭᠤ | ᠳᠠᠭᠤᠤ ᠬᠦᠭᠵᠢᠮ᠂ ᠤᠶᠠᠩᠭᠠᠲᠦ ᠨᠠᠶᠢᠷᠠᠭ ᠰᠢᠯᠦᠭ ᠢᠶᠠᠷ ᠢᠶᠠᠨ ᠬᠤᠷᠠᠭᠰᠠᠨ ᠤᠯᠠᠨ ᠤ ᠰᠤᠨᠤᠷ ᠢ ᠮᠢᠯᠢᠶᠠᠵᠤ᠂ | ᠰᠡᠳᠬᠢᠯ ᠢ ᠪᠠᠶᠠᠰᠬᠠᠨ᠂ ᠪᠠᠭᠠᠴᠤᠳ ᠬᠡᠤᠬᠡᠳ ᠲᠤ ᠪᠠᠨ ᠦᠨᠳᠦᠰᠦᠲᠡᠨ ᠤ ᠰᠤᠳᠤᠨ ᠰᠤᠶᠤᠯ ᠤᠨ ᠭᠠᠶᠢᠬᠠᠮᠰᠢᠭ ᠢ | ᠦᠪᠯᠡᠨ ᠤᠯᠠᠮᠵᠢᠯᠠᠬᠤ ᠴᠢᠬᠤᠯᠠ ᠴᠢᠨᠠᠷ ᠢ ᠲᠠᠨᠢᠭᠤᠯᠵᠠᠢ᠃ ᠲᠤᠰ ᠤᠳᠠᠭ᠎ᠠ ᠪᠦᠬᠦ ᠬᠤᠰᠢᠭᠤᠨ ᠤ ᠡᠯ᠎ᠡ ᠰᠤᠷᠭᠠᠭᠤᠯᠢ | ᠠᠴᠠ ᠡᠯᠰᠡᠭᠰᠡᠨ 207 ᠵᠤᠬᠢᠶᠠᠯ ᠢ ᠰᠢᠯᠭᠠᠷᠠᠭᠤᠯᠤᠨ᠂ 54 ᠪᠢᠴᠢᠬᠠᠨ ᠵᠣᠬᠢᠶᠠᠯᠴᠢ ᠪᠣᠯᠤᠨ 4 ᠰᠢᠯᠢᠳᠡᠭ | ᠵᠢᠯᠤᠭᠤᠳᠤᠭᠰᠠᠨ ᠪᠠᠭᠰᠢ ᠶᠢ ᠬᠥᠬᠢᠭᠦᠯᠦᠨ ᠱᠠᠩᠨᠠᠪᠠ᠃ ︽ᠮᠠᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ 2017 | ᠣᠨ ᠳᠤ ᠠᠩᠬ᠎ᠠ ᠪᠠᠶᠢᠭᠤᠯᠣᠬᠳᠠᠬᠰᠠᠨ ᠠᠴᠠ ᠨᠠᠭᠠᠰᠢ ᠰᠣᠷᠭᠠᠭᠤᠯᠢ ᠶᠢᠨ ᠬᠦᠷᠢᠶᠠᠨ ᠤ ᠦᠢᠯᠡ ᠠᠵᠢᠯᠯᠠᠭ᠎ᠠ ᠶᠢ | ᠳᠠᠰᠤᠷᠠᠯᠲᠠ ᠦᠭᠡᠢ ᠬᠢᠵᠤ ᠪᠠᠶᠢᠨ᠎ᠠ︔ ᠰᠢᠯᠣᠭᠤᠨ ᠬᠦᠬᠡ᠂ ᠪᠠᠷᠠᠭᠤᠨ ᠰᠦᠨᠢᠳ ᠲᠠᠶᠢᠹᠣᠰᠧ ᠬᠤᠰᠢᠭᠤᠨ ᠳᠤ ᠪᠠᠰᠠ | ᠬᠢᠭᠰᠡᠨ︔ ᠬᠤᠵᠢᠮ ᠪᠣᠯᠣᠯᠴᠠᠭ᠎ᠠ ᠲᠠᠢ ᠪᠤᠯ ᠰᠢᠯᠢ ᠶᠢᠨ ᠭᠤᠣᠯ ᠠᠶᠢᠮᠠᠭ ᠤᠨ ᠢᠶᠠᠨ ᠡᠯ᠎ᠡ ᠬᠤᠰᠢᠭᠤᠳ ᠢᠶᠠᠷ ᠪᠦᠷ | ᠬᠢᠶ᠎ᠠ ᠬᠡᠵᠣ ᠪᠣᠳᠣᠵᠣ ᠪᠠᠶᠢᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠵᠣᠬᠢᠶᠠᠯᠴᠢᠳ ᠤᠨ ᠨᠠᠶᠢᠬᠡᠮᠯᠢᠭ | ᠤᠨ ᠲᠡᠷᠢᠬᠦᠯᠡᠭᠴᠢ ᠵᠢᠷᠭᠠᠯᠳᠣ ᠶᠠᠷᠢᠯ᠎ᠠ᠃ | ᠲᠣᠰ ᠤᠳᠠᠭᠠᠨ ᠤ ᠵᠣᠬᠢᠶᠠᠨ ᠪᠢᠴᠢᠯᠬᠡ ᠶᠢᠨ ᠤᠷᠤᠯᠳᠤᠭᠠᠨ ᠨᠢ ᠮᠠᠨ ᠤ ᠬᠤᠰᠢᠭᠤᠨ ᠤ ᠰᠤᠷᠤᠭᠴᠢᠳ ᠤᠨ | ᠤᠳᠬ᠎ᠠ ᠵᠣᠬᠢᠶᠠᠯ ᠤᠨ ᠬᠡᠪ ᠪᠣᠯᠪᠠᠰᠤᠷᠠᠯ ᠢ ᠬᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠪᠥᠬᠦ ᠬᠤᠰᠢᠭᠤᠨ ᠤ | ᠰᠤᠷᠤᠭᠴᠢᠳ ᠲᠤ ᠵᠤᠬᠢᠶᠠᠯ ᠪᠦᠲᠦᠭᠡᠯ ᠪᠢᠴᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠬᠦᠯᠦᠭᠰᠡᠨ ᠪᠠᠶᠢᠨ᠎ᠠ᠃ | |