ᠨᠠᠭᠠᠳᠤᠮᠴᠢᠨ ᠤᠯᠠᠨ ᠢᠶᠠᠨ ᠬᠦᠭᠰᠡᠭᠡᠭᠰᠡᠨ ᠨᠠᠯᠠᠭᠠᠷ ᠨᠠᠭᠠᠳᠤᠮ
ᠨᠡᠶᠢᠲᠡᠯᠡᠭᠰᠡᠨ ᠴᠠᠭ᠄
2024/7/10
    6 ᠰᠠᠷ᠎ᠠ ᠶᠢᠨ 23᠎ ᠤ ᠡᠳᠦᠷ᠂ 2024 ᠣᠨ ᠤ ᠰᠢᠯᠢ ᠶᠢᠨ ᠭᠤᠤᠯ ᠤᠨ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠨ ᠤ ᠬᠤᠪᠢᠶᠠᠷᠢ ᠲᠠᠯᠠᠪᠠᠢ ᠤᠷᠤᠯᠳᠤᠭᠠᠨ ᠵᠢᠴᠢ ︽ᠪᠠᠶᠠᠨ ᠬᠦᠭᠡᠪᠦᠷ︾ ᠮᠣᠩᠭᠤᠯ ᠠᠳᠤᠭᠤ ᠶᠢ ᠦᠰᠬᠡᠨ ᠦᠷᠡᠵᠢᠭᠦᠯᠬᠦ ᠰᠠᠭᠤᠷᠢᠨ ᠭᠠᠵᠠᠷ ᠤᠨ ᠠᠩᠬᠠᠳᠤᠭᠠᠷ ᠣᠳᠠᠭᠠᠨ ᠤ ᠨᠠᠭᠠᠳᠤᠮ ᠪᠠᠶᠠᠨᠲᠠᠯ᠎ᠠ ᠪᠠᠯᠭᠠᠰᠤᠨ ᠤ ᠬᠦᠭᠡᠪᠦᠷ ᠭᠠᠴᠠᠭᠠᠨ ᠳᠤ ᠠᠮᠵᠢᠯᠲᠠ ᠲᠠᠢ ᠶᠠᠪᠤᠭᠳᠠᠵᠠᠢ᠃ ᠲᠤᠰ ᠨᠠᠭᠠᠳᠤᠮ ᠢ ᠬᠤᠰᠢᠭᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶ᠎ᠠ᠂ ︽ᠪᠠᠶᠠᠨ ᠬᠦᠭᠡᠪᠦᠷ︾ ᠮᠤᠩᠭᠤᠯ ᠠᠳᠤᠭᠤ ᠦᠰᠬᠡᠨ ᠦᠷᠡᠵᠢᠭᠦᠯᠬᠦ ᠰᠠᠭᠤᠷᠢᠨ ᠭᠠᠵᠠᠷ ᠠᠴᠠ ᠳᠠᠭᠠᠭᠠᠴᠢᠯᠠᠨ ᠡᠷᠬᠢᠯᠡᠵᠡᠢ᠃    ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠤᠰᠢᠭᠤᠨ ᠳᠠᠭᠠᠨ ᠪᠠᠶᠢᠭ᠎ᠠ ᠤᠳᠤᠷᠢᠳᠤᠯᠭ᠎ᠠ ᠡᠬᠢᠯᠡᠯᠲᠡ ᠶᠢᠨ ᠶᠤᠰᠤᠯᠠᠯ ᠳᠤ ᠤᠷᠤᠯᠴᠠᠵᠤ᠂ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠪᠦᠬᠡᠴᠢᠯᠠᠭᠤ ᠠᠴᠠ ︽2024 ᠣᠨ ᠤ ᠰᠢᠯᠢ ᠶᠢᠨ ᠭᠤᠤᠯ ᠤᠨ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠨ ᠤ ᠬᠤᠪᠢᠶᠠᠷᠢ ᠲᠠᠯᠠᠪᠠᠢ ᠤᠷᠤᠯᠳᠤᠭᠠᠨ︾ ᠡᠬᠢᠯᠡᠭᠰᠡᠨ ᠢ ᠵᠠᠷᠯᠠᠵᠠᠢ᠃ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠰᠤᠮᠤ ᠪᠠᠯᠭᠠᠰᠤᠨ ᠤ ᠮᠤᠩᠭᠤᠯ ᠮᠤᠷᠢᠨ ᠤ ᠬᠤᠯᠪᠤᠭᠠᠲᠤ  ᠤᠷᠤᠯᠳᠤᠭᠠᠨ ᠪᠠ ᠭᠠᠩᠭᠠᠩ ᠮᠤᠷᠢᠨ ᠤ ᠤᠷᠤᠯᠳᠤᠭᠠᠨ ᠳᠤ ᠤᠷᠤᠯᠴᠠᠭᠴᠢ ᠵᠢᠭᠰᠠᠭᠠᠯ ᠳᠤ ᠤᠷᠤᠯᠴᠠᠨ᠂ ᠤᠯᠠᠭᠠᠨᠮᠦᠴᠢᠷ ᠤᠨ ᠲᠣᠭᠯᠠᠭᠴᠢᠳ ᠎ ᠠᠴᠠ ︽  ᠳᠠᠭᠤᠤ ᠵᠢᠭᠦᠷᠯᠡᠭᠰᠡᠨ ᠬᠦᠯᠥᠭ︾ ︽ᠨᠢᠭᠡᠳᠦᠯ ᠤᠨ ᠠᠳᠤᠭᠤ︾ ᠵᠡᠷᠭᠡ  ᠲᠣᠭᠯᠠᠯᠲᠠ ᠭᠠᠷᠭᠠᠨ ᠲᠤᠬᠠᠢ ᠶᠢᠨ ᠲᠠᠯᠠᠪᠠᠢ ᠶᠢ ᠬᠦᠭᠵᠢᠭᠡᠵᠡᠢ᠃      ᠤᠶᠢᠯᠠᠭᠠᠭᠰᠠᠨ ᠢᠶᠠᠷ᠂ ᠲᠣᠰ ᠣᠳᠠᠭᠠᠨ ᠤ ᠤᠷᠤᠯᠳᠤᠭᠠᠨ ᠳᠤ 60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠂ 30 ᠭᠠᠵᠠᠷ ᠤᠨ ᠳᠤᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ᠂ ᠮᠤᠩᠭᠤᠯ ᠮᠤᠷᠢᠨ ᠤ ᠭᠤᠸ᠎ᠠ ᠰᠢᠯᠭᠠᠷᠠᠭᠤᠯᠬᠤ ᠤᠷᠤᠯᠳᠤᠭᠠᠨ᠂ ᠠᠳᠤᠭᠤᠨ ᠰᠤᠶᠤᠯ ᠤᠨ ᠰᠤᠨᠢᠷᠬᠠᠯᠲᠤ ᠤᠷᠤᠯᠳᠤᠭᠠᠨ ᠠᠴᠠ ᠭᠠᠳᠠᠨ᠎ᠠ 128 ᠬᠦᠴᠦᠲᠦ ᠪᠥᠬᠡ ᠶᠢᠨ ᠤᠷᠤᠯᠳᠤᠭᠠᠨ᠂ ᠱᠠᠭ᠎ᠠ ᠲᠣᠭᠯᠠᠭᠠᠮ ᠤᠨ ᠤᠷᠤᠯᠳᠤᠭᠠᠨ᠂ ᠤᠯᠠᠮᠵᠢᠯᠠᠯᠲᠤ ᠰᠤᠷ ᠬᠠᠷᠪᠤᠯᠲᠠ ᠶᠢᠨ ᠤᠷᠤᠯᠳᠤᠭᠠᠨ ᠵᠡᠷᠭᠡ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠤᠬᠢᠷᠠᠭᠤᠯᠵᠤ᠂  ᠲᠠᠯ᠎ᠠ ᠨᠤᠲᠤᠭ ᠤᠨ ᠡᠯᠪᠡᠭ ᠪᠠᠶᠠᠯᠢᠭ ᠰᠤᠶᠤᠯ ᠤᠨ ᠠᠭᠤᠯᠤᠭᠳᠠᠬᠤᠨ ᠢᠶᠠᠷ ᠦᠵᠡᠭᠴᠢᠳ ᠤᠨ ᠬᠠᠷᠠᠭ᠎ᠠ ᠶᠢ ᠮᠢᠯᠢᠶᠠᠯ᠎ᠠ᠃      60 ᠭᠠᠵᠠᠷ ᠤᠨ ᠠᠯᠤᠰ ᠤᠨ ᠮᠤᠷᠢᠨ ᠤ ᠤᠷᠤᠯᠳᠤᠭᠠᠨ ᠳᠤ ᠤᠩᠭᠤᠨ ᠠᠭᠤᠯᠠ ᠰᠤᠮᠤᠨ ᠤ ᠨᠠᠶᠢᠷ ᠤᠨ ᠲᠤᠯᠤᠭᠠᠢ ᠭᠠᠴᠠᠭᠠᠨ ᠤ ᠡᠷᠳᠡᠮᠲᠦ ᠶᠢᠨ ᠬᠡᠭᠡᠷ ᠮᠣᠷᠢ᠂ ᠨᠠᠶᠢᠷ ᠤᠨ ᠲᠤᠯᠤᠭᠠᠢ ᠭᠠᠴᠠᠭᠠᠨ ᠤ ᠵᠠᠮᠢᠶᠠᠨ ᠤ ᠬᠦᠷᠡᠩ ᠮᠣᠷᠢ᠂ ᠰᠢᠨ᠎ᠡ ᠰᠦᠮ᠎ᠡ ᠭᠠᠴᠠᠭᠠᠨ ᠤ ᠰᠦᠮᠪᠦᠷ ᠤᠨ ᠬᠡᠭᠡᠷ ᠮᠣᠷᠢ᠂ ᠪᠠᠶᠠᠨᠴᠠᠭᠠᠨ ᠨᠠᠭᠤᠷ ᠭᠠᠴᠠᠭᠠᠨ ᠤ ᠮᠦᠩᠬᠡ ᠶᠢᠨ ᠬᠦᠷᠡᠩ ᠮᠣᠷᠢ᠂ ᠪᠣᠭᠳᠠ ᠶᠢᠨ ᠭᠤᠤᠯ ᠰᠤᠮᠤᠨ ᠤ ᠬᠤᠨᠢᠴᠢᠨ ᠬᠠᠰᠢᠶᠠᠲᠤ ᠭᠠᠴᠠᠭᠠᠨ ᠤ ᠰᠦᠯᠳᠡᠨᠠᠴᠢᠨ ᠤ ᠬᠦᠷᠡᠩ ᠮᠣᠷᠢ ᠲᠣᠰ ᠲᠣᠰ ᠠᠶᠢᠷᠠᠭ ᠤᠨ ᠲᠠᠪᠤ ᠳᠤ ᠲᠠᠪᠬᠢᠵᠦ᠂ 30 ᠭᠠᠵᠠᠷ ᠤᠨ ᠳᠤᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ ᠤ ᠡᠮᠦᠨ᠎ᠡ 3 ᠨᠡᠷᠡᠰ ᠢ ᠱᠠᠩᠨᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号