ᠣᠩᠭᠤᠨ ᠠᠭᠤᠯᠠ ᠰᠣᠮᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠎ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/7/10
     ᠶᠡᠷᠦᠩᠬᠡᠶ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠶᠯ ᠤᠨ ᠠᠵᠢᠯ ᠤᠨ ᠭᠤᠤᠯ ᠰᠢᠵᠢᠮ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠨᠡᠨ ᠪᠣᠳᠠᠲᠠᠶ᠂ ᠲᠥᠷᠥᠭᠳᠡᠯ ᠲᠠᠢ᠂ ᠪᠦᠲᠦᠮᠵᠢᠲᠡᠶ ᠪᠠᠶᠢᠬᠤ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 28᠎ ᠤ ᠡᠳᠦᠷ᠂ ᠣᠩᠭᠤᠨ ᠠᠭᠤᠯᠠ ᠰᠣᠮᠣᠨ ᠤ ᠪᠣᠷᠣ ᠬᠤᠵᠢᠷ ᠭᠠᠴᠠᠭᠠᠨ ᠤ ᠠᠵᠢᠯᠯᠠᠭᠠᠨ ᠤ ᠰᠠᠭᠤᠷᠢᠨ ᠭᠠᠵᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠣᠪᠠ᠃ ᠰᠣᠮᠣᠨ ᠤ ᠺᠠᠳ᠋ᠷ ᠠᠵᠢᠯᠲᠠᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠪᠣᠷᠣ ᠬᠤᠵᠢᠷ ᠭᠠᠴᠠᠭᠠᠨ ᠤ ᠨᠠᠮ ᠤᠨ ᠭᠡᠰᠢᠭᠦᠨ ᠵᠡᠷᠭᠡ 50 ᠭᠠᠷᠤᠶ ᠬᠥᠮᠦᠨ ᠬᠤᠷᠠᠯ ᠳᠤ ᠣᠷᠣᠯᠴᠠᠪᠠ᠃     ᠪᠣᠯᠪᠠᠰᠣᠷᠠᠯ ᠤᠨ ᠬᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠎ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠎ ᠤᠨ ᠲᠣᠭᠤᠷᠢᠨ ᠳᠤ ᠨᠠᠷᠢᠨ ᠲᠣᠳᠣᠷᠬᠠᠶᠢᠯᠠᠨ ᠲᠠᠶᠢᠯᠪᠣᠷᠢᠯᠠᠵᠦ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢᠨ ᠠᠭᠤᠯᠤᠭᠳᠠᠬᠤᠨ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠣᠷᠢ ᠬᠢᠵᠦ᠂ ᠬᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠨᠠᠩ ᠭᠦᠨᠵᠡᠭᠡᠶ᠂ ᠨᠠᠩ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠪᠠ᠃     ᠬᠤᠷᠠᠯ ᠳᠤ ᠣᠷᠣᠯᠴᠠᠭᠰᠠᠳ ᠤᠨ ᠬᠠᠮᠢᠶ᠎ᠠ ᠪᠥᠬᠦᠶ ᠠᠭᠤᠯᠭ᠎ᠠ ᠶᠢ ᠡᠵᠡᠮᠰᠢᠭᠰᠡᠨ ᠬᠡᠮᠵᠢᠶ᠎ᠡ ᠶᠢ ᠤᠯᠠᠮ ᠨᠢᠭᠡ ᠠᠯᠬᠤᠮ ᠣᠶᠢᠯᠠᠭᠠᠬᠤ ᠶᠢᠨ ᠲᠥᠯᠥᠭᠡ᠂ ᠪᠣᠯᠪᠠᠰᠤᠷᠠᠯ ᠤᠨ ᠬᠤᠷᠠᠯ ᠳᠤ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠢᠯᠭᠠᠯᠲᠠ ᠶᠢᠨ ᠰᠡᠳᠦᠪ ᠢ  ᠲᠣᠬᠢᠷᠠᠭᠤᠯᠪᠠ᠃     ᠲᠤᠰ ᠤᠳᠠᠭᠠᠨ ᠤ ᠪᠣᠯᠪᠠᠰᠤᠷᠠᠯ ᠤᠨ ᠬᠤᠷᠠᠯ ᠢ ᠥᠷᠨᠢᠭᠦᠯᠦᠭᠰᠡᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ‍ᠦ᠊ ‍ᠨ ᠰᠡᠳᠬᠢᠯ ᠳᠤ ᠬᠠᠳᠠᠩᠰᠢᠭᠤᠯᠬᠤ ᠶᠢ ᠬᠦᠴᠦᠲᠡᠢ ᠠᠬᠢᠭᠤᠯᠣᠨ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠪᠡ᠃
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号