ᠰᠢ ᠶᠢᠨ ᠫᠢᠩ ᠱᠠᠨᠰᠢ ᠶᠢᠨ ᠱᠠᠩ ᠯᠥᠸᠧ ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠳᠤ ᠴᠢᠬᠤᠯᠠ ᠵᠢᠭᠠᠪᠤᠷᠢ ᠥᠭᠴᠦ ᠱᠠᠭᠠᠷᠳᠠᠭᠰᠠᠨ ᠨᠢ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠠᠷᠢᠯᠭᠠᠬᠤ ᠪᠠᠨ ᠴᠢᠩᠭᠠᠳᠬᠠᠵᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2024/7/24
    ︵ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 20᠎ ᠤ ᠴᠠᠭᠢᠯᠭᠠᠨ ᠮᠡᠳᠡᠭᠡ︶ 7 ᠰᠠᠷ᠎ᠠ ᠶᠢᠨ 19᠎ ᠤ ᠡᠳᠦᠷ ᠤᠨ 20 ᠴᠠᠭ 40 ᠮᠢᠨᠦ᠋ᠲ ᠤᠨ ᠦᠶ᠎ᠡ ᠪᠠᠷ᠂ ᠱᠠᠨᠰᠢ ᠶᠢᠨ ᠱᠠᠩ ᠯᠥᠸᠧ ᠬᠤᠲᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ᠂ ᠲᠡᠷᠭᠡ ᠬᠥᠰᠬᠡ ᠭᠤᠣᠯ ᠳᠤ ᠤᠨᠠᠭᠰᠠᠨ ᠪᠠᠶᠢᠨ᠎ᠠ᠃ 20᠎ ᠤ ᠡᠳᠦᠷ ᠤᠨ 10 ᠴᠠᠭ ᠪᠤᠯᠲᠠᠯ᠎ᠠ᠂ ᠭᠠᠮᠰᠢᠭ ᠠᠴᠠ ᠪᠣᠯᠵᠤ 11 ᠬᠥᠮᠥᠨ ᠠᠳᠡᠵᠦ᠂ 30 ᠭᠠᠷᠤᠢ ᠬᠥᠮᠥᠨ ᠰᠤᠷᠠᠭ ᠲᠠᠰᠤᠷᠠᠵᠠᠶ᠃    ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠱᠠᠨᠰᠢ ᠶᠢᠨ ᠱᠠᠩ ᠯᠥᠸᠧ ᠬᠤᠳᠠ ᠶᠢᠨ ᠵᠠ ᠱᠦᠢ ᠰᠢᠶᠠᠨ ᠤ ᠬᠢᠯᠢ ᠳᠠᠬᠢ ᠨᠢᠭᠡᠨ ᠲᠦᠷᠭᠡᠨ ᠤ ᠵᠠᠰᠠᠮᠠᠯ ᠵᠠᠮ ᠤᠨ ᠬᠥᠭᠦᠷᠭᠡ ᠠᠭᠤᠯᠠᠨ ᠦᠶᠡᠷ ᠠᠴᠠ ᠪᠣᠯᠵᠤ ᠨᠤᠷᠠᠵᠤ ᠤᠯᠠᠨ ᠬᠥᠮᠥᠨ ᠰᠤᠷᠠᠭ ᠲᠠᠰᠤᠷᠠᠵᠠᠢ᠂ ᠣᠳᠣᠬᠠᠨ ᠤ ᠲᠤᠯᠭᠠᠮ ᠡᠭᠦᠷᠭᠡ ᠪᠣᠯ ᠪᠦᠭᠦ ᠬᠦᠴᠦ ᠪᠠᠷ ᠢᠶᠠᠨ ᠠᠶᠤᠯ ᠭᠠᠮᠰᠢᠭ ᠠᠴᠠ ᠠᠪᠤᠷᠠᠨ ᠲᠤᠰᠠᠯᠠᠵᠤ᠂ ᠠᠷᠭ᠎ᠠ ᠪᠦᠭᠦᠨ ᠢ ᠰᠦᠪᠡᠭᠴᠢᠯᠡᠨ ᠰᠤᠷᠠᠭ ᠲᠠᠰᠤᠷᠠᠬᠰᠠᠨ ᠬᠥᠮᠥᠰ ᠢ ᠡᠷᠢᠨ ᠠᠪᠤᠷᠠᠵᠤ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠬᠠᠮᠲᠤ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠠᠪᠤᠷᠠᠯᠳᠠ ᠬᠢᠬᠦ ᠶᠢ ᠠᠩᠬᠠᠷᠴᠤ᠂ ᠡᠷᠭᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠨᠠᠷᠢᠨ ᠪᠠᠶᠢᠴᠠᠭᠠᠵᠤ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ ᠰᠢ ᠶᠢᠨ ᠫᠢᠩ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾᠎ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠤᠶ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠰᠤᠷᠠᠭ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠡᠷᠢᠵᠦ ᠠᠪᠤᠷᠠᠨ᠂ ᠰᠢᠯᠲᠠᠭᠠᠨ ᠢ ᠨᠢ ᠲᠦᠷᠭᠡᠯᠡᠨ ᠪᠠᠶᠢᠴᠠᠭᠠᠨ ᠲᠣᠳᠣᠷᠬᠠᠶᠢᠯᠠᠵᠤ᠂ ᠬᠤᠶᠢᠲᠤᠬᠢ ᠶᠠᠪᠤᠳᠠᠯ ᠢ ᠲᠣᠬᠢᠲᠠᠢ ᠰᠠᠶᠢᠨ ᠰᠢᠢᠳᠪᠦᠷᠢᠯᠡᠬᠦ ᠬᠡᠷᠡᠭᠲᠡᠢ ᠪᠥᠭᠡᠳ ᠠᠶᠤᠯᠲᠠᠢ ᠪᠠᠶᠢᠳᠠᠯ ᠢ ᠱᠠᠯᠠᠪᠳᠠᠨ ᠪᠠᠶᠢᠴᠠᠭᠠᠨ ᠰᠢᠢᠳᠪᠦᠷᠢᠯᠡᠵᠦ᠂ ᠡᠭᠦᠰᠦᠮᠡᠯ ᠭᠠᠢ ᠭᠠᠮᠰᠢᠭ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠠᠮᠰᠢᠭ ᠤᠨ ᠠᠳᠡᠯ ᠵᠡᠷᠭᠡ ᠶᠢᠨ ᠰᠡᠷᠭᠡᠶᠢᠯᠡᠯᠲᠡ ᠶᠢ ᠰᠠᠶᠢᠲᠤᠷ ᠬᠢᠬᠦ ᠬᠡᠷᠡᠭᠲᠡᠢ ᠭᠡᠵᠡᠢ᠃    ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠣᠰᠣᠭᠠᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠱᠠᠨᠰᠢ ᠮᠤᠵᠢ᠂ ᠱᠠᠩ ᠯᠥᠸᠧ ᠬᠤᠲᠠ ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠥᠷᠨᠢᠭᠦᠯᠪᠡ᠃ ᠣᠳᠣᠬᠠᠨ ᠳᠤ ᠲᠤᠬᠠᠢ ᠶᠢᠨ ᠲᠠᠯᠠᠪᠠᠶ ᠳᠤ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ​
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号