︽ᠬᠤᠶᠠᠷ ᠥᠮᠡᠨ︾ ᠭᠡᠳᠡᠭ ᠨᠢ ᠬᠥᠬᠦᠨ ᠪᠤᠯᠴᠢᠷᠬᠠᠶ ᠶᠢᠨ ᠥᠮᠡᠨ᠂ ᠰᠠᠪᠠᠨ ᠤ ᠬᠦᠵᠦᠭᠦᠨ ᠤ ᠥᠮᠡᠨ ᠢ | ᠵᠢᠭᠠᠵᠤ ᠪᠠᠶᠢᠨ᠎ᠠ᠂ ᠡᠨᠡ ᠪᠣᠯ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢ ᠰᠦᠷᠳᠡᠭᠦᠯᠵᠦ ᠪᠠᠶᠢᠭ᠎ᠠ | ᠬᠤᠶᠠᠷ ᠶᠡᠭᠡ ᠡᠪᠡᠳᠴᠢᠨ ᠪᠣᠯᠣᠨ᠎ᠠ᠃ 2024 ᠣᠨ ᠤ ︽ᠬᠤᠶᠠᠷ ᠥᠮᠡᠨ︾ ᠤ ᠪᠠᠶᠢᠴᠠᠭᠠᠯᠲᠠ ᠶᠢᠨ ᠠᠵᠢᠯ ᠢ | ᠪᠥᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠡᠮᠡᠭᠲᠡᠶᠢᠴᠦᠳ ᠤᠨ ᠡᠷᠡᠭᠦᠯ ᠮᠡᠨᠳᠦ ᠪᠠᠨ ᠬᠠᠮᠠᠭᠠᠯᠠᠬᠤ ᠤᠬᠠᠮᠰᠠᠷ ᠢ | ᠳᠡᠭᠡᠭᠰᠢᠯᠡᠬᠦᠯᠵᠦ᠂ ︿ᠬᠤᠶᠠᠷ ᠥᠮᠡᠨ﹀ ᠡᠭᠦᠰᠬᠦ ᠨᠣᠷᠮ᠎ᠠ ᠶᠢ ᠪᠠᠭᠤᠷᠠᠭᠤᠯᠵᠤ᠂ ᠡᠷᠲᠡ ᠢᠯᠡᠷᠡᠭᠦᠯᠬᠦ᠂ ᠡᠷᠲᠡ ᠡᠮᠨᠡᠨ | ᠵᠠᠰᠠᠬᠤ᠂ ᠡᠷᠲᠡ ᠡᠷᠡᠭᠦᠯᠵᠢᠭᠦᠯᠬᠦ ᠶᠢ ᠪᠡᠶᠡᠯᠡᠭᠦᠯᠬᠦ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠣᠩᠭᠤᠨ | ᠠᠭᠤᠯᠠ ᠰᠣᠮᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠤᠰᠢᠭᠤ ᠡᠬᠡ ᠨᠢᠯᠬᠠᠰ ᠤᠨ ᠡᠷᠡᠭᠦᠯ | ᠬᠠᠮᠠᠭᠠᠯᠠᠯ ᠤᠨ ᠬᠤᠷᠢᠶ᠎ᠠ ᠲᠠᠢ ᠬᠠᠮᠵᠢᠯᠴᠠᠨ ᠪᠦᠷᠢᠳᠦ ᠨᠠᠭᠤᠷ᠂ ᠰᠢᠨ᠎ᠡ ᠰᠦᠮ᠎ᠡ᠂ ᠨᠠᠶᠢᠷ ᠤᠨ ᠲᠣᠯᠣᠭᠠᠶ ᠵᠡᠷᠭᠡ | ᠭᠠᠴᠠᠭᠠᠨ ᠳᠤ ᠭᠦᠨᠵᠡᠭᠡᠶᠢᠷᠡᠨ᠂ ᠲᠦᠷ ᠴᠠᠭ ᠤᠨ ᠪᠠᠶᠢᠴᠠᠭᠠᠬᠤ ᠴᠡᠭ ᠭᠠᠷᠭᠠᠵᠤ᠂ 35 - 64 ᠪᠦᠬᠦᠯᠢ ᠨᠠᠰᠤᠨ ᠤ | ᠡᠮᠡᠭᠲᠡᠶᠢᠴᠦᠳ ᠲᠤ ᠦᠨ᠎ᠡ ᠲᠥᠯᠦᠪᠦᠷᠢ ᠦᠭᠡᠢ ᠪᠠᠷ ᠬᠤᠶᠠᠷ ᠥᠮᠡᠨ ᠤ ᠲᠤᠰᠬᠠᠶ ᠪᠠᠶᠢᠴᠠᠭᠠᠯᠲᠠ ᠪᠠ | ᠡᠮᠡᠭᠲᠠᠶᠢᠴᠣᠳ ᠤᠨ ᠡᠪᠳᠴᠢᠨ ᠤ ᠪᠠᠶᠢᠴᠠᠭᠠᠯᠲᠠ ᠬᠢᠬᠦ ᠳᠤ ᠲᠥᠬᠦᠮ ᠦᠵᠡᠭᠦᠯᠪᠡ᠃ ᠡᠯ᠎ᠡ ᠭᠠᠴᠠᠭᠠᠨ ᠤ | ᠡᠮᠡᠭᠲᠡᠶᠢᠴᠦᠳ ᠤᠨ ᠬᠤᠯᠪᠣᠭᠠᠲᠣ ᠬᠤᠷᠠᠯ ᠤᠨ ᠲᠡᠷᠢᠭᠦᠯᠡᠭᠴᠢ ᠠᠴᠠ ᠣᠯᠠᠠ ᠢᠶᠠᠨ ᠳᠠᠭᠠᠭᠤᠯᠣᠨ᠂ ᠬᠤᠰᠢᠭᠤᠨ ᠤ | ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠲᠠᠢ ᠨᠢᠭᠲᠠ ᠬᠠᠮᠵᠢᠯᠴᠠᠨ᠂ ᠪᠡᠶ᠎ᠡ ᠶᠢᠨ | ᠪᠠᠶᠢᠴᠠᠭᠠᠯᠲᠠ ᠶᠢᠨ ᠳᠠᠩᠰᠠᠯᠠᠯ᠂ ᠲᠤᠬᠠᠶ ᠶᠢᠨ ᠲᠠᠯᠠᠪᠤᠷ ᠤᠨ ᠡᠮᠬᠢ ᠳᠢᠭᠯᠢᠮ ᠢ ᠬᠠᠮᠠᠭᠠᠯᠠᠬᠤ ᠵᠢᠴᠢ ᠪᠡᠶ᠎ᠡ ᠶᠢᠨ | ᠪᠠᠶᠢᠴᠠᠭᠠᠯᠲᠠ ᠶᠢᠨ ᠲᠥᠷᠥᠯ ᠵᠦᠶᠯ ᠢ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠪᠡ᠃ | ᠪᠠᠶᠢᠴᠠᠭᠠᠯᠲᠠ ᠶᠢᠨ ᠶᠠᠪᠤᠴᠠ ᠳᠤ᠂ ᠡᠮᠴᠢ ᠠᠵᠢᠯᠲᠠᠳ ᠠᠴᠠ ᠡᠮᠡᠭᠲᠠᠶᠢᠴᠣᠳ ᠢ ᠨᠠᠷᠢᠨ ᠨᠢᠮᠪᠠᠶ ᠪᠠᠶᠢᠴᠠᠭᠠᠨ᠂ | ᠪᠦᠬᠦᠶᠢᠯᠡ ᠠᠵᠢᠯᠯᠠᠭ᠎ᠠ ᠪᠠᠨ ᠡᠮᠬᠢ ᠵᠢᠷᠤᠮ ᠲᠠᠢ ᠥᠷᠨᠢᠭᠦᠯᠪᠡ᠃ | ︽ᠬᠤᠶᠠᠷ ᠥᠮᠡᠨ︾ ᠤ ᠰᠢᠭᠰᠢᠨ ᠪᠠᠶᠢᠴᠠᠭᠠᠯᠲᠠ ᠨᠢ ᠨᠢᠭᠡ ᠤᠳᠠᠭᠠᠨ ᠤ ᠦᠨ᠎ᠡ ᠲᠥᠯᠦᠪᠦᠷᠢ ᠦᠭᠡᠢ | ᠪᠠᠶᠢᠴᠠᠭᠠᠯᠲᠠ ᠪᠣᠯᠬᠤ ᠪᠠᠷ ᠪᠠᠷᠠᠬᠤ ᠥᠬᠡᠶ᠂ ᠪᠠᠰᠠ ᠴᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠳᠠᠬᠢᠨᠲᠠ | ᠲᠥᠭᠡᠮᠡᠯᠵᠢᠬᠦᠯᠦᠨ᠂ ᠡᠮᠡᠭᠲᠡᠶᠢᠴᠦᠳ ᠲᠤ ᠥᠪᠡᠷ ᠢ ᠪᠠᠨ ᠨᠠᠩ ᠢᠯᠡᠭᠦᠦ ᠬᠠᠶᠢᠷᠠᠯᠠᠬᠤ ᠬᠡᠷᠡᠭᠲᠡᠶ ᠭᠡᠵᠦ ᠰᠠᠨᠠᠭᠤᠯᠪᠠ᠃ | ᠲᠠᠷᠠᠭᠠᠴᠢ ᠶᠢᠨ ᠠᠯᠬᠤᠮ ᠳᠤ᠂ ᠣᠩᠭᠤᠨ ᠠᠭᠤᠯᠠ ᠰᠤᠮᠤ ︽ᠬᠤᠶᠠᠷ ᠥᠮᠡᠨ︾ ᠤ ᠪᠠᠶᠢᠴᠠᠭᠠᠯᠲᠠ ᠶᠢᠨ | ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠣᠨ᠂ ᠡᠮᠡᠭᠲᠡᠶᠢᠴᠦᠳ ᠤᠨ ᠡᠷᠡᠭᠦᠯ ᠮᠡᠨᠳᠦ ᠶᠢ | ᠬᠠᠯᠠᠮᠵᠢᠯᠠᠬᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠨ᠎ᠠ᠃ |