| ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 30 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ 7 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ | ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠵᠤ᠂ | ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠣᠭᠲᠠᠭᠠᠯ ᠤᠳ︾ ᠢ | ᠬᠢᠨᠠᠨ ᠵᠥᠪᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠢᠷ ᠢ | ᠰᠥᠷᠦᠨ ᠤᠷᠤᠭᠰᠢᠯᠠᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠪᠠᠨ ᠪᠠᠲᠤᠯᠠᠵᠤ᠂ ᠰᠢᠨ᠎ᠡ | ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠦᠷᠭᠡᠨ ᠪᠤᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠠᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ | ᠨᠥᠯᠥᠭᠡ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠢ ᠶᠢᠨ | ᠡᠷᠭᠢᠯᠲᠡ ᠳᠤ ᠵᠠᠳᠠᠷᠠᠯ ᠭᠠᠷᠴᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠮᠥᠨ ᠬᠦ ᠨᠡᠯᠢᠶᠡᠳ | ᠤᠯᠠᠨ ᠪᠠᠶᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠳᠤ ᠡᠪᠡᠷᠰᠢᠶᠡᠯ ᠣᠷᠣᠰᠢᠵᠤ ᠪᠠᠶᠢᠨ᠎ᠠ᠃ | ᠡᠳᠡᠭᠡᠷ ᠪᠣᠯ ᠬᠥᠭᠵᠢᠯᠲᠡ ᠶᠢᠨ ᠳᠤᠮᠳᠠᠬᠢ᠂ ᠭᠡᠯᠪᠡᠷᠢ ᠶᠢ ᠬᠤᠪᠢᠷᠠᠭᠤᠯᠬᠤ ᠳᠤᠮᠳᠠᠬᠢ ᠠᠰᠠᠭᠤᠳᠠᠯ ᠪᠣᠯᠣᠨ᠎ᠠ᠂ ᠪᠢᠳᠡ | ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ ᠪᠥᠭᠡᠳ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ | ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠰᠠᠶᠢᠵᠢᠷᠠᠯᠲᠠ ᠶᠢᠨ ᠤᠨᠤᠯ ᠢ | ᠳᠠᠭᠤᠷᠢᠰᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠣᠣᠷ᠎ᠠ ᠬᠠᠭᠠᠰ ᠵᠢᠯ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠮᠠᠰᠢ ᠬᠦᠨᠳᠦ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠵᠥᠪ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ | ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠭᠦᠨᠵᠡᠭᠡᠶᠢᠷᠡᠭᠦᠯᠵᠦ᠂ ᠳᠣᠲᠣᠭᠠᠳᠤ ᠬᠡᠷᠡᠭᠴᠡᠭᠡ ᠶᠢᠨ ᠲᠠᠯᠳᠠ ᠬᠦᠴᠦᠨ ᠢ | ᠭᠦᠨᠵᠡᠭᠡᠢ ᠠᠭᠤᠳᠠᠯᠵᠤ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠵᠤ᠂ | ᠡᠵᠡᠩᠨᠡᠯᠲᠡ ᠶᠢᠨ ᠭᠤᠣᠯ ᠴᠣᠭᠴᠠ ᠶᠢᠨ ᠠᠮᠢᠳᠤᠯᠢᠭ ᠬᠦᠴᠦᠨ ᠢ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ᠂ ᠨᠡᠶᠢᠭᠡᠮ ᠤᠨ ᠢᠲᠡᠭᠡᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ | ᠰᠠᠶᠢᠵᠢᠷᠠᠬᠤ ᠬᠠᠨᠳᠤᠰᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠥᠭᠡᠷᠡᠴᠢᠯᠡᠯᠲᠡ ᠪᠠᠷ ᠬᠥᠳᠡᠯᠭᠡᠭᠴᠢ ᠬᠦᠴᠦᠨ ᠪᠤᠯᠭᠠᠵᠤ ᠨᠡᠮᠡᠭᠳᠡᠯ ᠢ ᠲᠣᠭᠲᠠᠪᠤᠷᠢᠵᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠥᠬᠦᠴᠡᠯ | ᠪᠣᠯᠪᠠᠰᠤᠷᠠᠩᠭᠤᠢ᠂ ᠪᠣᠳᠠᠲᠠᠢ ᠨᠠᠶᠢᠳᠠᠪᠤᠷᠢᠵᠢᠭᠤᠯᠤᠭᠳᠠᠵᠤ ᠳᠡᠶᠢᠯᠬᠦ᠋ᠢᠴᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠠᠭ | ᠲᠤᠬᠠᠢ ᠳᠤᠨᠢ ᠭᠠᠷᠭᠠᠬᠤ ᠬᠡᠷᠡᠭᠲᠡᠢ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠨ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ | ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ᠂ ᠳᠠᠮᠫᠤᠷᠠᠵᠤ ᠤᠬᠤᠷᠢᠨ ᠭᠠᠷᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ | ᠳᠦᠷᠢᠮ ᠢ ᠲᠡᠭᠦᠯᠳᠡᠷᠵᠢᠭᠦᠯᠵᠦ᠂ ᠵᠠᠷᠢᠮ ᠭᠠᠵᠠᠷ ᠣᠷᠣᠨ ᠤ ᠵᠠᠰᠠᠭ ᠵᠠᠬᠢᠷᠭᠠᠨ᠂ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ | ᠠᠰᠢᠭᠯᠠᠨ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠷᠬᠡ ᠲᠡᠭᠰᠢ ᠪᠠᠷ | ᠥᠷᠢᠰᠦᠯᠳᠦᠬᠦ ᠳᠤᠮᠳᠠ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠨ ᠢᠶᠠᠷ ᠪᠠᠶᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠷᠸ᠎ᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠢᠯᠡᠭᠦᠦ | ᠬᠦᠴᠦ ᠨᠡᠮᠡᠷᠢᠯᠡᠬᠦ ᠬᠡᠷᠡᠭᠲᠡᠢ᠃ ᠰᠥᠷᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠂ ᠡᠳ᠋ ᠤᠨ | ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠲᠦᠷᠭᠡᠨ | ᠨᠠᠶᠢᠳᠠᠪᠤᠷᠢᠵᠢᠭᠤᠯᠵᠤ᠂ ᠡᠷᠲᠡᠬᠡᠨ ᠨᠥᠭᠡᠴᠡᠯᠡᠬᠦ ᠶᠢᠨ ᠬᠠᠮᠲᠤ ᠬᠡᠮᠵᠢᠶ᠎ᠡ ᠶᠢ ᠨᠡᠮᠡᠭᠳᠡᠭᠦᠯᠬᠦ ᠨᠢᠭᠡ ᠪᠦᠯᠦᠭ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠨᠡᠶᠢᠲᠡᠯᠡᠬᠦ ᠬᠡᠷᠡᠭᠲᠡᠢ᠃ ᠲᠤᠰᠬᠠᠢ ᠵᠢᠭᠡᠯᠡᠯᠭᠡ ᠶᠢ ᠲᠠᠷᠬᠠᠭᠠᠵᠤ | ᠬᠡᠷᠡᠭᠯᠡᠬᠦ ᠠᠬᠢᠴᠠ ᠶᠢ ᠲᠦᠷᠭᠡᠳᠬᠡᠵᠦ᠂ ᠣᠷᠳᠣ ᠬᠤᠭᠤᠴᠠᠭᠠᠨ ᠤ ᠤᠯᠤᠰ ᠤᠨ ᠣᠨᠴᠠ ᠵᠢᠭᠡᠯᠡᠯᠭᠡ ᠶᠢ ᠰᠠᠶᠢᠲᠤᠷ ᠬᠡᠷᠡᠭᠯᠡᠵᠦ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ | ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠶᠡᠭᠡ ᠬᠡᠮᠵᠢᠶᠡᠨ ᠤ | ᠪᠥᠬᠡᠯᠢᠭ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠠᠩ ᠡᠷᠴᠢᠮ ᠲᠠᠢ ᠠᠬᠢᠭᠤᠯᠬᠤ ᠬᠡᠷᠡᠭᠲᠡᠢ᠃ | ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠤᠯᠠᠨ ᠵᠦᠢᠯ ᠤᠨ ᠪᠠᠭᠠᠵᠢ ᠶᠢ | ᠶᠡᠷᠦᠩᠬᠡᠶᠢᠯᠡᠨ ᠬᠡᠷᠡᠭᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠡᠷᠴᠢᠮ ᠢ | ᠴᠢᠩᠭᠠᠷᠠᠭᠤᠯᠤᠨ᠂ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠤᠨ ᠲᠣᠭᠲᠠᠭᠤᠨ | ᠪᠠᠶᠢᠬᠤ ᠶᠢᠨ ᠵᠡᠷᠭᠡ ᠳᠤ ᠪᠠᠭᠤᠷᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ | ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ | ᠴᠢᠩᠭᠠᠳᠬᠠᠵᠤ᠂ ᠡᠯ᠎ᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠢ ᠶᠢᠨ ᠲᠣᠮᠣ ᠮᠤᠵᠢ ᠶᠢᠨ ᠨᠢᠷᠤᠭᠤ ᠲᠤᠯᠭᠠᠭᠤᠷᠢ ᠶᠢᠨ ᠦᠢᠯᠡᠳᠦᠯ ᠢ | ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠪᠠᠷ ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ | ᠥᠷᠭᠡᠳᠬᠡᠵᠦ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠬᠠᠨᠳᠤᠭᠤᠯᠵᠤ᠂ ᠤᠯᠠᠨ ᠠᠷᠭ᠎ᠠ ᠵᠠᠮ ᠢᠶᠠᠷ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠬᠡᠷᠡᠭᠯᠡᠭᠡᠨ ᠤ ᠴᠢᠳᠠᠪᠤᠷᠢ | ᠪᠣᠯᠣᠨ ᠬᠦᠰᠡᠯ ᠢ ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ ᠲᠡᠰ ᠳᠡᠪᠰᠢᠭᠦᠯᠬᠦ ᠴᠢᠬᠤᠯᠠ ᠭᠠᠷᠳᠠᠴᠠ | ᠪᠤᠯᠭᠠᠵᠤ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠬᠥᠮᠥᠵᠢᠭᠦᠯᠬᠦ᠂ ᠭᠡᠷ ᠠᠬᠤᠢ ᠵᠡᠷᠭᠡ | ᠬᠡᠷᠡᠭᠯᠡᠭᠡ ᠶᠢ ᠳᠡᠮᠵᠢᠬᠦ ᠬᠡᠷᠡᠭᠲᠡᠢ᠃ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠤᠯᠠᠮ ᠳᠠᠶᠢᠴᠢᠯᠠᠵᠤ᠂ | ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠨ ᠬᠦᠴᠦᠷᠬᠡᠭᠵᠢᠬᠦ ᠶᠢ ᠶᠡᠭᠡ ᠪᠠᠷ ᠠᠬᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠬᠤ ᠬᠡᠷᠡᠭᠲᠡᠢ᠃ ᠲᠦᠷᠭᠡᠨ ᠬᠥᠭᠵᠢᠵᠦ ᠪᠠᠶᠢᠭ᠎ᠠ ᠠᠵᠤ ᠠᠬᠤᠶᠢᠯᠠᠯ᠂ ᠵᠠᠬ᠎ᠠ ᠳᠤ ᠭᠠᠷᠤᠭ᠎ᠠ ᠦᠭᠡᠢ ᠦᠢᠯᠡᠰ | ᠪᠣᠰᠬᠠᠭᠴᠢ ᠠᠵᠤ ᠠᠬᠤᠶᠢᠯᠠᠯ ᠢ ᠬᠦᠴᠦᠲᠡᠢ ᠪᠥᠭᠡᠳ ᠪᠦᠲᠦᠮᠵᠢᠲᠡᠶ ᠳᠡᠮᠵᠢᠨ ᠬᠥᠭᠵᠢᠭᠦᠯᠬᠦ ᠬᠡᠷᠡᠭᠲᠡᠢ᠃ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ︽ᠬᠤᠮᠢᠷᠠᠭ᠎ᠠ︾ ᠮᠠᠭᠤ ᠣᠷᠴᠢᠯᠲᠤ ᠥᠷᠢᠰᠦᠯᠳᠦᠭᠡᠨ ᠢ | ᠰᠡᠷᠭᠡᠶᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ ᠲᠣᠭᠲᠠᠴᠠ ᠶᠢ | ᠴᠢᠩᠭᠠᠳᠬᠠᠵᠤ᠂ ᠬᠤᠴᠤᠷᠤᠩᠭᠤᠢ ᠳᠣᠣᠷ᠎ᠠ ᠪᠦᠲᠦᠮᠵᠢᠲᠡᠢ ᠦᠢᠯᠡᠳᠪᠦᠷᠢᠯᠡᠯ ᠤᠨ ᠴᠢᠳᠠᠪᠤᠷᠢ ᠶᠢᠨ ᠤᠬᠤᠷᠢᠨ ᠭᠠᠷᠬᠤ ᠠᠷᠭ᠎ᠠ | ᠵᠠᠮ ᠢ ᠰᠢᠯᠤᠭᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ | ᠠᠯᠬᠤᠮ ᠪᠤᠢ ᠪᠤᠯᠭᠠᠵᠤ᠂ ᠪᠠᠶᠢᠭᠤᠯᠤᠯ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠥᠷᠭᠡᠳᠬᠡᠵᠦ᠂ ᠦᠢᠯᠡᠳᠬᠦ | ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠣᠷᠣᠭᠤᠯᠬᠤ ᠶᠢ ᠵᠥᠪᠰᠢᠶᠡᠷᠡᠬᠦ ᠬᠢᠵᠠᠭᠠᠷᠯᠠᠯ ᠤᠨ ᠠᠷᠭ᠎ᠠ ᠬᠡᠮᠵᠢᠶ᠎ᠡ ᠶᠢᠨ | ︽ᠲᠡᠭ ᠪᠤᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ | ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠴᠡᠭ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠳᠠᠭᠠᠳᠤ ᠪᠡᠯᠡ ᠶᠢ | ᠠᠰᠢᠭᠯᠠᠬᠤ ᠠᠵᠤ ᠠᠬᠤᠶᠢᠯᠠᠯ ᠤᠨ ᠲᠣᠭᠲᠠᠭᠤᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ | ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠢᠳᠡᠪᠬᠢᠲᠡᠢ ᠪᠤᠶᠢᠵᠢᠭᠤᠯᠵᠤ᠂ ᠵᠠᠪᠰᠠᠷ ᠤᠨ ᠪᠦᠲᠦᠭᠡᠭᠳᠡᠬᠦᠨ ᠤ | ᠠᠷᠠᠯᠵᠢᠶ᠎ᠠ᠂ ᠪᠣᠬᠢᠷᠳᠤᠯ ᠦᠭᠡᠢ ᠠᠷᠠᠯᠵᠢᠶ᠎ᠠ ᠶᠢ ᠥᠷᠭᠡᠳᠬᠡᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠰᠡᠷᠭᠡᠶᠢᠯᠡᠨ ᠠᠷᠢᠯᠭᠠᠬᠤ | ᠬᠡᠷᠡᠭᠲᠡᠢ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠳᠠᠭᠠᠯᠠᠭᠳᠠᠴᠠ ᠶᠢ | ᠰᠢᠩᠭᠡᠭᠡᠬᠦ ᠪᠠ ᠨᠡᠮᠡᠭᠳᠡᠯ ᠢ ᠰᠢᠯᠢᠳᠡᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ | ᠭᠡᠷ ᠪᠠᠶᠢᠰᠢᠩ ᠢ ᠬᠤᠳᠠᠯᠳᠤᠨ ᠠᠪᠴᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠣᠯᠭᠠᠨ ᠬᠡᠷᠡᠭᠯᠡᠬᠦ ᠶᠢ ᠢᠳᠡᠪᠬᠢᠲᠡᠢ | ᠳᠡᠮᠵᠢᠵᠦ᠂ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠤᠯᠠᠮ ᠰᠠᠶᠢᠲᠤᠷ ᠬᠢᠵᠦ᠂ ᠭᠡᠷ ᠪᠠᠶᠢᠰᠢᠩ ᠭᠠᠵᠠᠷ | ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ | ᠥᠷᠢ ᠥᠭᠴᠡᠭᠡ ᠶᠢ ᠠᠷᠢᠯᠭᠠᠬᠤ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠨᠥᠬᠦᠴᠡᠯ ᠪᠦᠷᠢᠯᠳᠦᠭᠦᠯᠵᠦ | ᠪᠠᠶᠢᠭᠠᠳ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠲᠦᠷᠭᠡᠨ ᠠᠷᠢᠯᠭᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ | ᠬᠥᠭᠵᠢᠯᠲᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ᠂ ᠪᠡᠯᠡ ᠣᠷᠣᠭᠤᠯᠤᠭᠴᠢᠳ ᠤᠨ ᠢᠲᠡᠭᠡᠯ ᠵᠣᠷᠢᠭ ᠢ | ᠬᠥᠪᠴᠢᠯᠡᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ | ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠦᠭᠦ ᠵᠢᠯ ᠤᠨ ᠠᠮᠤ ᠪᠤᠳᠠᠭᠠᠨ ᠤ ᠡᠯᠪᠡᠭ | ᠬᠤᠷᠢᠶᠠᠯᠲᠠ ᠶᠢ ᠴᠢᠷᠮᠠᠶᠢᠨ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠬᠢᠬᠦ ᠬᠡᠷᠡᠭᠲᠡᠢ᠃ ᠣᠷᠣᠯᠭ᠎ᠠ | ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ | ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ | ᠠᠪᠤᠷᠠᠬᠤ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠤᠷᠭᠢᠯ ᠬᠤᠭᠤᠴᠠᠭ᠎ᠠ ᠶᠢ ᠤᠭᠲᠤᠵᠤ ᠵᠤᠨ ᠢ | ᠥᠩᠭᠡᠷᠡᠭᠦᠯᠬᠦ ᠬᠤᠭᠤᠴᠠᠭᠠᠨ ᠤ ᠡᠨᠧᠷᠭᠢ ᠴᠠᠭᠢᠯᠭᠠᠨ ᠬᠦᠴᠦᠨ ᠤ ᠬᠠᠩᠭᠠᠯᠭ᠎ᠠ ᠶᠢ ᠰᠠᠶᠢᠲᠤᠷ ᠬᠢᠵᠦ᠂ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ | ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ | ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠤᠨ ᠲᠥᠰᠥᠪᠯᠡᠬᠦ ᠠᠵᠢᠯ ᠢ | ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠭᠡ ᠬᠦᠴᠦ | ᠣᠷᠣᠭᠤᠯᠵᠤ ᠪᠠᠶᠢᠭᠠᠳ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠡᠴᠦᠰ ᠤᠨ ᠨᠢᠭᠡ | ᠺᠢᠯᠣᠮᠧᠳ᠋ᠷ︾ ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ᠬᠦᠯᠢᠶᠡᠰᠦᠯᠡᠭᠳᠡᠵᠦ ᠪᠤᠯᠬᠤ ᠦᠭᠡᠢ᠃ ᠲᠥᠪ ᠤᠨ | ᠱᠦᠵᠢ ᠨᠠᠷ ᠤᠨ ᠭᠠᠵᠠᠷ ᠤᠨ ᠬᠢᠨ ᠴᠥᠬᠦᠷᠡᠰᠢ ᠦᠭᠡᠢ ᠠᠳᠬᠤᠵᠤ᠂ ᠲᠥᠪ ᠤᠨ ᠲᠡᠰ ᠳᠠᠪᠬᠤᠷᠭ᠎ᠠ ᠠᠴᠠ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢ | ᠲᠣᠭᠲᠠᠭᠰᠠᠨ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ᠂ ᠡᠯ᠎ᠡ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ ᠵᠥᠪ ᠢ ᠡᠷᠢᠵᠦ᠂ ᠮᠤᠵᠢ ᠠᠴᠠ ᠳᠣᠷᠣᠭᠰᠢᠬᠢ ᠡᠯ᠎ᠡ ᠱᠠᠲᠤᠨ ᠤ | ᠨᠠᠮ ᠤᠨ ᠬᠤᠷᠢᠶᠠᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠬᠢᠨᠠᠯᠲᠠ ᠲᠠᠯᠪᠢᠵᠤ ᠬᠡᠷᠡᠭᠵᠢᠭᠦᠯᠬᠦ ᠪᠠᠨ | ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠦᠷᠢᠮ ᠤᠨ ᠪᠠᠶᠢᠭᠤᠯᠤᠯᠲᠠ ᠬᠢᠭᠡᠳ ᠬᠡᠷᠡᠭᠵᠢᠭᠦᠯᠦᠯᠲᠡ ᠶᠢ ᠴᠢᠩᠭᠠᠳᠬᠠᠵᠤ᠂ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠪᠠ ᠡᠨᠧᠷᠭᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠯᠠᠮ ᠴᠢᠩᠭ᠎ᠠ ᠨᠠᠶᠢᠳᠠᠪᠤᠷᠢᠵᠢᠭᠤᠯᠵᠤ | ᠂ ᠦᠷᠭᠦᠯᠵᠢᠯᠡᠨ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠵᠦ᠂ ᠱᠠᠯᠠᠪᠳᠠᠭᠤᠯᠤᠨ ᠪᠠᠶᠢᠴᠠᠭᠠᠬᠤ ᠬᠢᠨᠠᠨ | ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠨᠤᠷᠰᠢᠭᠤᠨ ᠠᠰᠠᠭᠤᠳᠠᠯ ᠢ ᠦᠨᠡᠨ | ᠬᠦ ᠰᠢᠢᠳᠪᠦᠷᠢᠯᠡᠵᠦ᠂ ᠦᠨᠳᠦᠰᠦᠨ ᠱᠠᠲᠤᠨ ᠠᠴᠠ ᠺᠠᠳ᠋ᠷ ᠵᠢᠭᠡᠯᠡᠨ ᠬᠡᠷᠡᠭᠯᠡᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ | ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠵᠢᠷᠤᠮᠵᠢᠬᠰᠠᠨ ᠬᠠᠮᠢᠶᠠᠷᠤᠯᠲᠠ ᠶᠢ | ᠴᠢᠩᠭᠠᠳᠬᠠᠵᠤ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ | ᠡᠷᠬᠡ ᠬᠠᠷᠢᠭᠤᠴᠠᠯᠭ᠎ᠠ ᠶᠢ ᠤᠯᠠᠮ ᠰᠢᠯᠤᠭᠤᠳᠬᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠦᠨᠳᠦᠰᠦᠨ | ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠴᠣᠮᠬᠠᠳᠬᠠᠵᠤ᠂ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠦᠨᠳᠦᠰᠦᠨ ᠱᠠᠲᠤᠨ ᠤ ᠤᠯᠠᠨ ᠲᠦᠮᠡᠨ ᠤ | ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ ᠭᠡᠷᠡᠭᠲᠡᠢ︔ | ᠵᠣᠭᠢᠬᠤ ᠨᠡᠶᠢᠲᠡᠯᠢᠭ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ | ᠵᠠᠰᠠᠬᠤ ᠪᠠ ᠴᠡᠪᠡᠷᠯᠡᠨ ᠠᠷᠢᠯᠭᠠᠵᠤ᠂ ᠦᠨᠳᠦᠰᠦᠨ ᠱᠠᠲᠤ ᠶᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠬᠦᠯᠢᠶᠡᠰᠦᠯᠡᠯ ᠠᠴᠠ ᠦᠨᠡᠨ ᠬᠦ ᠮᠤᠯᠲᠤᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ | ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠤᠯᠭᠠᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠡᠩ ᠤᠯᠠᠨ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ | ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | | | |