ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠠᠩᠭ᠎ᠠ ᠪᠠᠭᠠᠴᠤᠳ ᠲᠤ ᠡᠷᠳᠡᠮ ᠮᠡᠳᠡᠯᠭᠡ ᠤᠯᠠᠮᠵᠢᠯᠠᠨ᠎ᠠ
ᠨᠡᠶᠢᠲᠡᠯᠡᠭᠰᠡᠨ ᠴᠠᠭ᠄
2024/8/16
    7 ᠰᠠᠷ᠎ᠠ ᠶᠢᠨ 31 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠢᠨᠡᠪᠣᠯᠠᠭ ᠪᠠᠯᠭᠠᠰᠤᠨ ᠤ ᠮᠠᠨᠳᠤᠯ᠎ᠠ ᠨᠡᠶᠢᠭᠡᠮ ᠲᠣᠭᠤᠷᠢᠭ ᠤᠨ 2024 ᠣᠨ ᠤ ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠨᠢ ᠬᠤᠰᠢᠭᠤ ᠡᠪᠯᠡᠯ ᠤᠨ ᠬᠤᠷᠢᠶ᠎ᠠ ᠪᠠ ᠰᠢᠯᠢ ᠶᠢᠨ ᠭᠤᠤᠯ ᠠᠶᠢᠮᠠᠭ ᠤᠨ ᠯᠠᠨ ᠬᠠᠶ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠳᠡᠮᠵᠢᠯᠭᠡ ᠳᠤᠤᠷ᠎ᠠ ᠲᠡᠭᠦᠰ ᠠᠮᠵᠢᠯᠲᠠ ᠲᠠᠢ ᠬᠢᠴᠢᠶᠡᠯ ᠲᠡᠭᠦᠰᠦᠯ᠎ᠡ᠃    ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠮᠠᠨᠳᠤᠯ᠎ᠠ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠠᠴᠠ ᠬᠡᠦᠬᠡᠳ ᠤᠳ ᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠭᠰᠠᠨ ᠪᠥᠭᠡᠳ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠴᠢ᠂ ᠰᠢᠯᠢᠳᠡᠭ ᠰᠤᠷᠤᠭᠴᠢᠳ ᠢ ᠵᠣᠷᠢᠭᠵᠢᠭᠤᠯᠵᠤ ᠢᠷᠠᠭᠤ ᠠᠯᠳᠠᠷ ᠤᠨ ᠦᠨᠡᠮᠯᠡᠯ ᠣᠯᠭᠤᠭᠰᠠᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠲᠥᠯᠥᠭᠡᠯᠡᠭᠴᠢ ᠪᠣᠯᠤᠨ ᠰᠤᠷᠤᠭᠴᠢ ᠶᠢᠨ ᠲᠥᠯᠥᠭᠡᠯᠡᠭᠴᠢ ᠪᠤᠳᠤᠯ ᠲᠦᠷᠦᠭᠳᠡᠯ ᠢᠶᠠᠨ ᠬᠤᠪᠢᠶᠠᠯᠴᠠᠵᠤ᠂ ᠬᠠᠮᠤᠭ ᠰᠡᠬᠦᠯ ᠳᠤᠨᠢ ᠤᠯᠠᠨ ᠢᠶᠠᠷ ᠢᠶᠠᠨ ᠬᠡᠦᠬᠡᠳ ᠤᠳ ᠤᠨ ᠰᠤᠷᠤᠯᠭ᠎ᠠ ᠶᠢᠨ ᠦᠷ᠎ᠡ ᠪᠦᠲᠦᠭᠡᠯ ᠤᠨ ᠹᠢᠯᠢᠮ ᠢ ᠰᠤᠨᠢᠷᠬᠠᠵᠠᠢ᠃ ︽ᠡᠳᠦᠷ ᠲᠤᠲᠤᠮ ᠤᠨ ᠠᠮᠢᠳᠤᠷᠠᠯ ᠳᠤ᠂ ᠪᠠᠭᠰᠢ ᠪᠢᠳᠡᠨ ᠳᠤ ᠭᠠᠯ ᠤᠰᠤᠨ ᠤ ᠭᠠᠮᠰᠢᠭ ᠠᠴᠠ ᠰᠡᠷᠭᠡᠶᠢᠯᠡᠬᠦ ᠲᠤᠬᠠᠢ ᠶᠡᠷᠦ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠲᠣᠭᠯᠠᠭᠠᠮ ᠨᠠᠭᠠᠳᠬᠤ᠂ ᠤᠯᠤᠰ ᠢᠶᠠᠨ ᠬᠠᠶᠢᠷᠠᠯᠠᠬᠤ ᠺᠢᠨᠣ᠋ ᠦᠵᠡᠬᠦ ᠪᠠ ᠪᠢᠳᠡᠨ ᠢ ᠳᠠᠭᠠᠭᠤᠯᠤᠨ ᠪᠡᠶ᠎ᠡ ᠲᠠᠮᠢᠷ ᠤᠨ ᠬᠥᠳᠡᠯᠭᠡᠭᠡᠨ ᠬᠢᠳᠡᠭ︔ ᠪᠢᠳᠡ ᠨᠠᠶᠢᠳᠠᠨ ᠬᠠᠮᠢᠶᠠᠷᠤᠭᠤᠯᠬᠤ ᠠᠩᠭᠢ ᠳᠤ ᠢᠷᠡᠬᠦ ᠮᠠᠰᠢ ᠳᠤᠷᠠᠲᠠᠶ︾ ᠭᠡᠵᠦ ᠰᠣᠷᠣᠭᠴᠢ ᠭᠤᠤ ᠶᠠ ᠷᠦ ᠶᠠᠷᠢᠯ᠎ᠠ᠃    ᠣᠶᠢᠯᠠᠭᠠᠭᠰᠠᠨ ᠢᠶᠠᠷ᠂ ᠮᠠᠨᠳᠤᠯ᠎ᠠ ᠨᠡᠶᠢᠭᠡᠮ ᠲᠣᠭᠤᠷᠢᠭ ᠤᠨ 2024 ᠣᠨ ᠤ ᠵᠣᠨ ᠤ ᠠᠮᠠᠷᠠᠯᠲᠠ ᠶᠢᠨ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠳᠤ ᠨᠡᠶᠢᠲᠡ 27 ᠬᠡᠤᠬᠡᠳ ᠣᠷᠣᠯᠴᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ᠂ ᠭᠠᠯ ᠤᠰᠤᠨ ᠤ ᠭᠠᠮᠰᠢᠭ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ᠂ ᠪᠠᠴᠢᠮ ᠪᠠᠶᠢᠳᠠᠯ ᠢ ᠠᠷᠭᠠᠴᠠᠵᠤ ᠠᠪᠤᠷᠬᠠᠤ ᠮᠡᠳᠡᠯᠭᠡ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠢᠷᠤᠭ ᠵᠢᠷᠤᠬᠤ᠂ ᠴᠡᠷᠢᠭ ᠤᠨ ᠬᠤᠸᠠᠷᠠᠨ ᠢ ᠲᠣᠭᠤᠷᠢᠨ ᠦᠵᠡᠬᠦ᠂ ᠬᠤᠪᠢᠰᠬᠠᠯ ᠤᠨ ᠺᠢᠨᠣ᠋ ᠦᠵᠡᠬᠦ ᠵᠡᠷᠭᠡ 30 ᠭᠠᠷᠤᠶ ᠲᠥᠷᠥᠯ ᠤᠨ 92 ᠬᠢᠴᠢᠶᠡᠯ ᠨᠡᠭᠡᠭᠡᠵᠡᠶ᠃ ᠡᠭᠦᠨ ᠠᠴᠠ ᠭᠠᠳᠠᠨ᠎ᠠ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠲᠠᠪᠤᠨ ᠲᠠᠯ᠎ᠠ ᠪᠠᠷ ᠪᠠᠶᠠᠯᠢᠭ ᠰᠠᠶᠢᠬᠠᠨ ᠬᠢᠴᠢᠶᠡᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠤᠯᠠᠮᠵᠢᠯᠠᠯᠲᠤ ᠰᠣᠶᠣᠯ᠂ ᠰᠣᠨᠢᠷᠬᠠᠯᠲᠤ ᠵᠣᠬᠢᠶᠠᠨ ᠪᠢᠴᠢᠯᠭᠡ᠂ ᠭᠠᠷ ᠤᠷᠠᠯᠠᠯ ᠤᠨ ᠦᠢᠯᠡᠳᠦᠯᠭᠡ᠂ ᠰᠣᠨᠢᠷᠬᠠᠯᠲᠤ ᠲᠠᠮᠢᠷ ᠤᠨ ᠴᠤᠭᠯᠠᠭᠠᠨ᠂ ᠭᠤᠸ᠎ᠠ ᠰᠠᠶᠢᠬᠠᠨ ᠤᠩᠰᠢᠯᠭ᠎ᠠ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠬᠢᠴᠢᠶᠡᠯ ᠤᠨ ᠭᠠᠳᠠᠨᠠᠬᠢ ᠬᠥᠳᠡᠯᠭᠡᠭᠡᠨ ᠢ ᠲᠣᠬᠢᠷᠠᠭᠤᠯᠵᠤ᠂ ᠰᠠᠭᠤᠭᠠᠯᠢ ᠠᠷᠠᠳ ᠲᠤ ᠳᠦᠬᠦᠮ ᠦᠵᠡᠬᠦᠯᠦᠭᠰᠡᠨ ᠮᠦᠷᠲᠡᠭᠡᠨ ᠬᠡᠤᠬᠡᠳ ᠪᠠᠭᠠᠴᠤᠳ ᠲᠤ ᠡᠷᠳᠡᠮ ᠮᠡᠳᠡᠯᠭᠡ ᠬᠦᠷᠲᠡᠭᠡᠵᠤ᠂ ᠮᠠᠷᠳᠠᠭᠳᠠᠰᠢ ᠦᠭᠡᠢ ᠰᠠᠶᠢᠬᠠᠨ ᠵᠤᠨ ᠤ ᠠᠮᠠᠷᠠᠯᠲᠠ ᠶᠢᠨ ᠪᠠᠶᠠᠷ ᠪᠠᠭ᠋ᠠᠳᠤᠯ ᠢ ᠤᠯᠭᠤᠭᠰᠠᠨ ᠪᠠᠶᠢᠨ᠎ᠠ᠃     ᠮᠠᠨᠳᠤᠯ᠎ᠠ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠴᠧᠨ ᠰᠣ᠋ ᠶᠢᠩ᠄ ︽15 ᠡᠳᠦᠷ ᠤᠨ ᠬᠤᠭᠤᠴᠠᠭ᠎ᠠ ᠲᠠᠢ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠮᠢᠳᠤᠷᠠᠯ ᠢᠶᠠᠷ ᠳᠠᠮᠵᠢᠭᠤᠯᠤᠨ᠂ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠬᠠᠪᠰᠤᠷᠤᠮᠵᠢ ᠪᠣᠯᠤᠭᠰᠠᠨ ᠢᠶᠠᠷ ᠪᠠᠷᠠᠬᠤ ᠥᠬᠡᠶ᠂ ᠰᠤᠷᠤᠭᠴᠢᠳ ᠢ ᠰᠠᠶᠢᠨ ᠰᠠᠶᠢᠬᠠᠨ ᠰᠤᠷᠤᠯᠴᠠᠵᠤ ᠠᠮᠢᠳᠤᠷᠠᠬᠤ ᠵᠠᠩ ᠳᠠᠳᠬᠠᠯ ᠵᠢᠴᠢ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠲᠠᠢ ᠪᠣᠯᠭᠠᠨ ᠬᠥᠮᠦᠵᠢᠭᠦᠯᠬᠦ ᠶᠢᠨ ᠬᠠᠮᠲᠤ ᠬᠡᠷ ᠤᠨ ᠠᠬᠠᠮᠠᠳ ᠤᠨ ᠨᠤᠲᠠᠯᠠᠯᠲᠠ ᠪᠠ ᠳᠡᠮᠵᠢᠯᠭᠡ ᠶᠢ ᠣᠯᠤᠭᠰᠠᠨ ᠪᠠᠶᠢᠨ᠎ᠠ︔ ᠲᠠᠷᠠᠭᠠᠴᠢ ᠶᠢᠨ ᠠᠯᠬᠤᠮ ᠳᠤ᠂ ᠮᠠᠨ ᠤ ᠨᠡᠶᠢᠭᠡᠮ ᠲᠣᠭᠤᠷᠢᠭ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠠᠩᠭᠢ ᠶᠢᠨ ᠦᠢᠯᠡᠴᠢᠯᠡᠭᠡ  ᠶᠢ ᠨᠢᠭᠡ ᠵᠦᠢᠯ ᠤᠨ ᠬᠡᠪᠰᠢᠭᠰᠡᠨ ᠦᠢᠯᠡᠴᠢᠯᠡᠭᠡᠨ ᠤ ᠲᠥᠷᠥᠯ ᠵᠦᠢᠯ ᠪᠣᠯᠭᠠᠨ ᠪᠠᠷᠢᠮᠲᠠᠯᠠᠵᠤ᠂ ᠲᠤᠷᠰᠢᠯᠭ᠎ᠠ ᠪᠠᠨ ᠲᠠᠰᠤᠷᠠᠯᠲᠠ ᠥᠬᠡᠶ ᠳ᠋ᠦᠩᠨᠡᠨ᠂ ᠨᠠᠶᠢᠳᠠᠨ ᠬᠠᠮᠢᠶᠠᠷᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠳᠤ ᠨᠠᠩ ᠰᠢᠯᠢᠳᠡᠭ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ︾ ᠭᠡᠵᠡᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号