ᠰᠦᠯᠳᠡ
ᠨᠡᠶᠢᠲᠡᠯᠡᠭᠰᠡᠨ ᠴᠠᠭ᠄
2024/8/23
       ᠨᠠᠮᠲᠠᠷ       ᠮᠣᠩᠭᠤᠯ ᠦᠨᠳᠦᠰᠦᠲᠡᠨ᠂ ᠡᠷᠡᠭᠲᠡᠢ᠂ 1980 ᠣᠨ ᠤ 11 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ᠃       ᠡᠭᠦᠷᠭᠡ ᠲᠤᠰᠢᠶᠠᠯ       ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠬᠠᠮᠢᠶᠠᠷᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ᠂ ᠮᠥᠩᠭᠦᠨ ᠭᠦᠢᠯᠭᠡᠭᠡ᠂ ᠭᠠᠳᠠᠭᠠᠳᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠭᠠᠶᠢᠯᠢ ᠶᠢᠨ ᠶᠠᠪᠤᠳᠠᠯ᠂ ᠪᠠᠶᠢᠭᠤᠯᠭ᠎ᠠ ᠶᠢᠨ ᠶᠠᠪᠤᠳᠠᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠬᠠᠮᠢᠶᠠᠷᠴᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠎ ᠢ ᠬᠤᠪᠢᠳᠠᠨ ᠬᠠᠮᠢᠶᠠᠷᠤᠨ᠎ᠠ᠃       ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠬᠡᠷ᠂ ᠠᠬᠠᠮᠠᠳ ᠺᠠᠳ᠋ᠷ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠤᠨ ᠬᠥᠪᠡᠭᠡᠲᠦ ᠰᠢᠷ᠎ᠠ ᠬᠤᠰᠢᠭᠤᠨ ᠤ ᠬᠠᠮᠢᠶᠠᠷᠤᠯᠲᠠ ᠶᠢᠨ ᠬᠡᠯᠲᠡᠰ᠂ ᠡᠯ᠎ᠡ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号