︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠵᠡᠷᠭᠡ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/9/11
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ︽ᠦᠨᠳᠣᠰᠣᠳᠠᠨ ᠤ ᠪᠦᠯᠬᠦᠮᠳᠠᠯ ᠲᠡᠪᠰᠢᠯᠳᠠ ᠎ ᠶᠢᠨ ᠦᠯᠢᠬᠡᠷ ᠢ ᠰᠠᠶᠢᠳᠣᠷ ᠶᠠᠷᠢᠵᠣ᠂ ᠲᠣᠮᠳᠠᠳᠣ ᠶᠢᠨ ᠦᠨᠳᠣᠰᠣᠳᠠᠨ ᠤ ᠬᠠᠮᠳᠣ ᠶᠢᠨ ᠣᠶᠣᠨ ᠰᠠᠨᠠᠭᠠᠨ ᠤ ᠬᠡᠷ ᠣᠷᠣᠨ ᠢ ᠪᠠᠶᠢᠭᠤᠯᠣᠶ᠎ᠠ︾᠂ ︽ᠲᠣᠣᠷ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠲᠣᠣᠷ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾᠂ ︽ᠶᠠᠰᠤ ᠴᠢᠨᠠᠷ ᠤᠨ ᠲᠣᠯᠭᠠᠭᠤᠷᠢᠯᠠᠬᠤ ᠬᠦᠴᠣᠨ ᠢ ᠴᠢᠩᠭᠠᠳᠬᠠᠨ᠂ ᠶᠠᠰᠤ ᠴᠢᠨᠠᠷ ᠤᠨ ᠬᠦᠴᠦᠷᠬᠡᠭ ᠤᠯᠤᠰ ᠢ ᠬᠠᠮᠲᠤ ᠪᠠᠷ  ᠪᠠᠶᠢᠭᠤᠯᠣᠶ᠎ᠠ︾ ᠵᠡᠷᠭᠡ ᠭᠤᠤᠯ ᠰᠡᠳᠦᠪᠲᠦ ᠠᠵᠢᠯᠯᠠᠭ᠎ᠠ ᠪᠠᠷ ᠴᠢᠬᠤᠯᠠ ᠭᠠᠷᠳᠠᠴᠠ ᠪᠣᠯᠭᠠᠬᠤ ᠶᠢᠨ ᠲᠥᠯᠥᠭᠡ᠂ 9 ᠰᠠᠷ᠎ᠠ ᠶᠢᠨ 6᠎ ᠤ ᠡᠳᠦᠷ ᠬᠥᠪᠡᠭᠡᠲᠦ ᠰᠢᠷ᠎ᠠ ᠬᠤᠰᠢᠭᠤ 2024 ᠣᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾᠂ ︽ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾᠂ ︽ᠪᠥᠬᠦ ᠤᠯᠤᠰ ᠤᠨ ᠶᠠᠰᠤ ᠴᠢᠨᠠᠷ ᠤᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠨ ᠶᠠᠪᠣᠬᠳᠠᠭᠤᠯᠪᠠ᠃ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠬᠢᠶ᠎ᠠ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠺᠠᠳ᠋ᠷ ᠠᠵᠢᠯᠲᠠᠨ ᠠᠵᠢᠯᠴᠢᠳ ᠠᠵᠢᠯᠯᠠᠭ᠎ᠠ ᠳᠤ ᠣᠷᠣᠯᠴᠠᠵᠠᠶ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠤᠯᠠᠭᠠᠨᠮᠥ᠋ᠴᠢᠷ ᠤᠨ ᠲᠣᠭᠯᠠᠭᠴᠢᠳ ᠪᠠᠶᠠᠯᠢᠭ ᠰᠢᠨ᠎ᠡ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠭᠤᠤᠯ ᠰᠡᠳᠦᠪᠲᠦ ᠠᠵᠢᠯᠯᠠᠭ᠎ᠠ ᠶᠢᠨ ᠭᠤᠤᠯ ᠬᠥᠭ ᠠᠶᠠᠰ ᠢ ᠬᠠᠩᠭᠢᠨᠠᠭᠤᠯᠵᠤ᠂ ᠣᠯᠠᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠤᠯᠠᠮ ᠨᠢᠭᠡ ᠠᠯᠬᠤᠮ ᠳᠠᠮᠵᠢᠭᠤᠯᠬᠤ ᠶᠢᠨ ᠬᠠᠮᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠡᠵᠡᠮᠰᠢᠭᠦᠯᠵᠤ᠂ ᠶᠠᠰᠤ ᠴᠢᠨᠠᠷ ᠢ ᠴᠢᠬᠤᠯᠠᠴᠢᠯᠠᠬᠤ᠂ ᠶᠠᠰᠤ ᠴᠢᠨᠠᠷ ᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠦᠳᠬᠡᠷᠡᠬᠦᠯᠦᠭᠰᠡᠨ ᠪᠠᠶᠢᠨ᠎ᠠ᠃     ᠲᠤᠬᠠᠶ ᠶᠢᠨ ᠲᠠᠯᠠᠪᠠᠶ ᠳᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠪᠠ ᠤᠬᠠᠭᠤᠯᠭ᠎ᠠ ᠶᠢᠨ ᠪᠣᠳᠠᠰ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠢ ᠢᠳᠡᠪᠬᠢᠲᠡᠶ ᠰᠤᠷᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ ᠪᠠᠲᠤ ᠪᠠᠬᠢ ᠪᠣᠶ ᠪᠣᠯᠭᠠᠵᠤ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠷᠠᠭᠤᠯᠤᠨ᠂ ᠰᠦᠯᠵᠢᠶᠡᠨ ᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠮᠲᠤ ᠪᠠᠷ ᠪᠣᠢ ᠪᠣᠯᠭᠠᠬᠤ ᠶᠢ ᠣᠷᠢᠶᠠᠯᠠᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号