ᠦᠨᠳᠦᠰᠦᠨ ᠱᠠᠳᠤᠨ ᠤ ᠰᠤᠷᠭᠠᠨ ᠬᠦᠮᠦᠵᠢᠯ ᠤᠨ ᠹᠠᠷᠤᠨᠲ ᠲᠤ ᠤᠶᠢᠭ᠎ᠠ ᠦᠬᠡᠢ ᠵᠢᠳᠬᠦᠯᠳᠠᠢ ᠪᠠᠶᠠᠷ ᠪᠠᠭᠰᠢ
ᠨᠡᠶᠢᠲᠡᠯᠡᠭᠰᠡᠨ ᠴᠠᠭ᠄
2024/9/11
     ᠡᠨᠡ ᠵᠢᠯ ᠤᠨ 9 ᠰᠠᠷ᠎ᠠ ᠶᠢᠨ10᠎ ᠤ ᠡᠳᠤᠷ ᠪᠤᠯ ᠮᠠᠨ ᠤ ᠤᠯᠤᠰ ᠤᠨ ᠳᠦᠴᠢᠳᠡᠬᠢ ᠪᠠᠭᠰᠢ ᠶᠢᠨ ᠪᠠᠶᠠᠷ ᠤᠨ ᠡᠳᠦᠷ ᠪᠤᠯᠤᠨ᠎ᠠ᠃ ᠪᠢᠴᠢᠭ ᠵᠢᠭᠠᠵᠦ ᠬᠦᠮᠦᠨ ᠢ ᠬᠦᠮᠦᠵᠢᠬᠦᠯᠬᠦ ᠨᠠᠨᠳᠢᠨ ᠡᠭᠦᠷᠭᠡ ᠶᠢ ᠬᠦᠢᠴᠡᠳᠬᠡᠵᠦ ᠶᠠᠪᠤᠭ᠎ᠠ ᠤᠶᠤᠨ ᠤ ᠢᠨᠵᠧᠨᠧᠷ ᠬᠡᠮᠡᠭᠳᠡᠭᠰᠡᠨ ᠪᠠᠭᠰᠢᠨᠠᠷ ᠤᠨ ᠢᠶᠠᠨ ᠭᠠᠪᠢᠶ᠎ᠠ ᠵᠢᠳᠬᠦᠯ ᠢ ᠨᠤᠳᠠᠯᠠᠭᠰᠠᠨ ᠡᠨᠡ ᠡᠳᠤᠷ ᠢ ᠲᠤᠷᠠᠳᠬᠠᠵᠤ ᠪᠢᠳᠡ ᠠᠬᠠᠮᠠᠳ ᠪᠠᠭᠰᠢ ᠪᠠᠶᠠᠷ ᠭᠤᠸᠠᠢ ᠲᠠᠢ ᠲᠠᠨᠢᠯᠴᠠᠶ᠎ᠠ᠃      ᠡᠨᠡ ᠵᠢᠯ 85 ᠨᠠᠰᠤᠨ ᠰᠡᠬᠦᠳᠡᠷ ᠵᠤᠭᠤᠭᠯᠠᠵᠦ ᠪᠠᠶᠢᠭ᠎ᠠ ᠪᠠᠶᠠᠷ ᠨᠠᠰᠤᠳᠠᠨ ᠲᠦᠩᠯᠢᠶᠤᠤ ᠬᠤᠳᠠ ᠶᠢᠨ ᠬᠦᠷᠢᠶ᠎ᠠ ᠬᠤᠰᠢᠭᠤ ᠪᠠᠷ ᠨᠤᠳᠤᠭ ᠲᠠᠢ᠃ 1959 ᠤᠨ ᠳᠤ ᠤᠯᠠᠭᠠᠨᠬᠠᠳᠠ ᠶᠢᠨ ᠪᠠᠭᠰᠢ ᠶᠢᠨ ᠰᠤᠷᠭᠠᠭᠤᠯᠢ ᠠᠴᠠ ᠰᠤᠷᠤᠯᠭ᠎ᠠ ᠲᠡᠭᠦᠰᠴᠦ᠂ ᠲᠤᠰ ᠵᠢᠯ ᠤᠨ ᠨᠠᠮᠤᠷ ᠬᠦᠪᠡᠭᠡᠲᠦ ᠰᠢᠷ᠎ᠠ ᠬᠤᠰᠢᠭᠤᠨ ᠤ ᠮᠤᠩᠭᠤᠯ ᠪᠠᠭ᠎ᠠ ᠰᠤᠷᠭᠠᠭᠤᠯᠢ ᠳᠤ ᠠᠵᠢᠯ ᠤᠨ ᠭᠠᠷᠤᠭ᠎ᠠ ᠪᠠᠨ ᠠᠪᠴᠠᠢ᠃ ᠲᠡᠷᠡᠪᠡᠷ ᠤᠷᠢᠳ ᠬᠤᠵᠢᠳ ᠬᠦᠪᠡᠭᠡᠳᠦ ᠰᠢᠷ᠎ᠠ ᠬᠤᠰᠢᠭᠤᠨ ᠤ ᠮᠤᠩᠭᠤᠯ ᠲᠤᠮᠳᠠᠳᠤ ᠰᠤᠷᠭᠠᠭᠤᠯᠢ᠂ ᠪᠤᠭᠳᠠ ᠠᠭᠤᠯᠠ ᠰᠤᠮᠤᠨ ᠤ ᠰᠤᠷᠭᠠᠭᠤᠯᠢ᠂ ᠬᠦᠪᠡᠭᠡᠳᠦ ᠰᠢᠷ᠎ᠠ ᠬᠤᠰᠢᠭᠤᠨ ᠤ ︽5.7︾᠎ ᠶᠢᠨ ᠺᠠᠳ᠋ᠷ ᠎ ᠤᠨ ᠰᠤᠷᠭᠠᠭᠤᠯᠢ᠂ ᠪᠠᠶᠠᠨᠳᠠᠯ᠎ᠠ ᠰᠤᠮᠤᠨ ᠤ ᠰᠤᠷᠭᠠᠭᠤᠯᠢ᠂ ᠤᠩᠭᠤᠨ ᠨᠠᠭᠤᠷ ᠰᠤᠮᠤᠨ ᠤ ᠰᠤᠷᠭᠠᠭᠤᠯᠢ᠂ ᠬᠦᠭᠵᠢᠯᠲᠦ ᠰᠤᠮᠤᠨ ᠤ ᠰᠤᠷᠭᠠᠭᠤᠯᠢ ᠵᠡᠷᠭᠡ ᠲᠤᠮᠳᠠᠳᠤ ᠪᠠᠭ᠎ᠠ ᠰᠤᠷᠭᠠᠭᠤᠯᠢ ᠪᠠᠷ ᠪᠠᠭᠰᠢᠯᠠᠬᠤ ᠶᠢᠨ ᠵᠡᠷᠭᠡᠪᠡᠷ ᠬᠢᠴᠢᠶᠡᠯ ᠬᠦᠮᠦᠵᠢᠯ ᠤᠨ ᠡᠷᠬᠢᠯᠡᠭᠴᠢ᠂ ᠰᠤᠷᠡᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠢᠶᠠᠨ 1981 ᠤᠨ ᠠᠴᠠ 1992 ᠤᠨ ᠬᠦᠷᠳᠡᠯ᠎ᠡ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠳᠤ ᠠᠵᠢᠯᠯᠠᠵᠦ ᠠᠵᠢᠯ ᠤᠨ ᠠᠮᠠᠷᠠᠯᠳᠠ ᠪᠠᠨ ᠠᠪᠤᠭᠰᠠᠨ ᠶᠤᠮ᠃ ᠠᠷᠢᠭᠤᠨ ᠬᠠᠶᠢᠷ᠎ᠠ᠂ ᠡᠷᠬᠢᠮ ᠬᠠᠷᠢᠭᠤᠴᠯᠠᠭ᠎ᠠ ᠪᠠᠨ ᠠᠷᠠᠳ ᠤᠨ ᠪᠠᠭᠰᠢ ᠶᠢᠨ ᠠᠯᠪᠠᠨ ᠳᠤ ᠵᠤᠷᠢᠭᠤᠯᠤᠭᠰᠠᠨ ᠪᠠᠶᠠᠷ ᠪᠠᠭᠰᠢ ᠦᠩᠭᠡᠷᠡᠭᠰᠡᠨ ᠢᠶᠠᠨ ᠡᠷᠭᠢᠴᠡᠬᠦᠯᠬᠦ ᠳᠤ ︽ᠠᠩᠬ᠎ᠠ ᠠᠵᠢᠯ ᠳᠤ ᠭᠠᠷᠤᠭᠰᠠᠨ ᠤ ᠲᠠᠷᠠᠭ᠎ᠠ ᠪᠠᠷ ᠭᠠᠷᠠᠭ ᠲᠤ 20 ᠰᠢᠬᠠᠮ ᠬᠢᠴᠢᠶᠡᠯ ᠤᠷᠤᠵᠦ ᠪᠠᠶᠢᠭᠰᠠᠨ᠃ ᠤᠷᠦᠢ ᠪᠦᠷᠢ ᠲᠤᠰᠤᠨ ᠳ᠋ᠧᠩ ᠤᠨ ᠲᠤᠤᠷ᠎ᠠ ᠬᠢᠴᠢᠶᠡᠯ ᠪᠡᠯᠡᠳᠬᠡᠵᠦ᠂ ᠲᠠᠰᠬᠠᠯ ᠦᠵᠡᠳᠡᠭ︔ ᠭᠠᠷᠠᠭ ᠤᠨ ᠵᠢᠷᠭᠤᠭᠠᠨ ᠪᠤᠯᠤᠭᠰᠠᠭᠠᠷ ᠰᠤᠷᠤᠭᠴᠢ ᠲᠠᠢ ᠪᠠᠨ ᠬᠠᠮᠳᠤᠪᠠᠷ ᠠᠯᠪᠠᠨ ᠵᠢᠷᠦᠮ ᠤᠨ ᠬᠦᠳᠡᠯᠮᠦᠷᠢ ᠳᠤ ᠤᠷᠤᠯᠴᠠᠵᠦ᠂ ᠤᠷᠤᠢ ᠶᠢᠨ ᠴᠠᠭ ᠢᠶᠠᠷ ᠪᠠᠭᠰᠢ ᠨᠠᠷ ᠠᠮᠢᠳᠤᠷᠠᠯ ᠤᠨ ᠬᠤᠷᠠᠯ ᠬᠢᠵᠦ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠦᠷᠨᠢᠬᠦᠯᠳᠡᠭ ᠪᠠᠶᠢᠭᠰᠠᠨ︾ ᠭᠡᠵᠤ ᠶᠠᠷᠢᠵᠤ ᠪᠠᠶᠢᠯ᠎ᠠ᠃      ᠪᠠᠶᠠᠷ ᠪᠠᠭᠰᠢ ᠶᠢᠨ ᠭᠡᠷᠭᠡᠢ ᠴᠤ ᠰᠤᠷᠭᠠᠨ ᠬᠦᠮᠦᠵᠢᠯ ᠤᠨ ᠠᠷᠤ ᠲᠠᠯ᠎ᠠ ᠶᠢᠨ ᠠᠵᠢᠯ ᠳᠤ ᠬᠤᠷᠢᠭᠠᠳ ᠵᠢᠯ ᠵᠢᠳᠬᠦᠵᠦ ᠨᠠᠰᠤᠨ ᠤ ᠠᠮᠠᠷᠠᠯᠳᠠ ᠪᠠᠨ ᠠᠪᠴᠦ᠂ ᠤᠳᠤ ᠬᠤᠶᠠᠭᠤᠯᠠ ᠪᠠᠨ ᠦᠷ᠎ᠠ ᠠᠴᠢ ᠦᠨᠢᠷ ᠦᠳᠬᠡᠨ᠂ ᠡᠷᠡᠬᠦᠯ ᠲᠡᠩᠭᠡᠯᠡᠬᠦᠨ ᠎ ᠢᠶᠠᠷ ᠦᠳᠡᠯᠦᠭᠡ ᠨᠠᠰᠤ ᠪᠠᠨ ᠵᠤᠯ ᠵᠢᠷᠭᠠᠯᠳᠠᠢ ᠦᠩᠭᠡᠷᠡᠭᠦᠯᠵᠦ ᠪᠤᠢ᠃ ︽ᠶᠡᠷᠦ ᠨᠢ ᠪᠠᠭᠰᠢ ᠬᠦᠮᠦᠨ ᠤ ᠠᠵᠢᠯ ᠪᠤᠯ ᠦᠩᠭᠡ ᠭᠡᠷᠡᠯ ᠢᠷᠠᠭᠤ ᠠᠯᠳᠠᠷ ᠲᠠᠢ᠂ ᠵᠦᠪᠬᠡᠨ ᠠᠮᠠᠨ ᠳᠡᠭᠡᠷ᠎ᠡ ᠪᠠᠨ ᠶᠠᠷᠢᠭᠠᠳ ᠪᠠᠶᠢᠬᠤ ᠪᠢᠰᠢ᠂ ᠵᠢᠩᠬᠢᠨᠢ ᠦᠢᠯᠡᠳᠦᠯᠭᠡ ᠳᠤ ᠤᠷᠤᠯᠴᠠᠨ ᠪᠤᠳᠠᠳᠠᠢ ᠠᠵᠢᠯ ᠤᠨ ᠪᠦᠲᠦᠭᠡᠯ ᠢᠶᠠᠷ ᠢᠶᠠᠨ ᠢᠷᠠᠭᠤ ᠠᠯᠳᠠᠷ ᠢ ᠠᠪᠴᠢᠷᠠᠬᠤ ᠬᠡᠷᠡᠭᠲᠠᠢ︔ ᠬᠡᠤᠬᠡᠳ ᠤᠨ ᠪᠤᠳᠤᠯ ᠰᠡᠳᠬᠢᠯ ᠢ ᠢᠯᠡᠬᠦᠦ ᠤᠶᠢᠯᠠᠭᠠᠵᠤ᠂ ᠲᠡᠳᠡᠨ ᠤ ᠰᠡᠳᠬᠢᠯ ᠤᠨ ᠨᠠᠶᠢᠵᠠ ᠪᠤᠯᠤᠯᠴᠠᠵᠤ ᠶᠠᠪᠤᠪᠠᠯ ᠰᠤᠷᠤᠭᠴᠢᠳ ᠤᠨ ᠢᠶᠠᠨ ᠬᠦᠨᠳᠦᠳᠬᠡᠯ ᠢ ᠤᠯᠵᠤ ᠴᠢᠳᠠᠨ᠎ᠠ ᠭᠡᠵᠤ ᠪᠤᠳᠤᠳᠠᠭ ᠶᠤᠮ︾ ᠭᠡᠵᠤ ᠪᠠᠶᠠᠷ ᠪᠠᠭᠰᠢ ᠶᠠᠷᠢᠨ᠎ᠠ᠃     ᠦᠨᠳᠦᠰᠦᠨ ᠱᠠᠳᠤᠨ ᠤ ᠰᠤᠷᠭᠠᠨ ᠬᠦᠮᠦᠵᠢᠯ ᠤᠨ ᠹᠠᠷᠤᠨᠲ ᠲᠤ ᠰᠠᠨᠴᠢᠭ ᠤᠨ ᠦᠰᠦ ᠪᠠᠨ ᠪᠤᠷᠤᠭᠤᠯᠳᠠᠳᠠᠯ᠎ᠠ ᠵᠢᠳᠬᠦᠵᠦ ᠶᠠᠪᠤᠬᠤ ᠳᠤ ᠪᠠᠨ 1983 ᠤᠨ ᠳᠤ ᠤᠯᠤᠰ ᠤᠨ ᠠᠷᠠᠳ ᠤᠨ ᠶᠠᠪᠤᠳᠠᠯ ᠤᠨ ᠶᠠᠮᠤᠨ᠂ ᠰᠢᠨᠵᠢᠯᠡᠬᠦ ᠤᠬᠠᠭᠠᠨ ᠲᠧᠩᠨᠢᠭ ᠮᠡᠷᠭᠡᠵᠢᠯ ᠤᠨ ᠵᠦᠪᠯᠡᠯ ᠠᠴᠠ ᠤᠯᠭᠤᠭᠰᠠᠨ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠳᠤ ᠤᠷᠳᠤ ᠬᠤᠭᠤᠴᠠᠭ᠎ᠠ ᠪᠠᠷ ᠰᠤᠷᠭᠠᠨ ᠬᠦᠮᠦᠵᠢᠯ ᠲᠧᠩᠨᠢᠭ ᠮᠡᠷᠭᠡᠵᠢᠯ ᠤᠨ ᠠᠵᠢᠯ ᠬᠢᠭᠰᠡᠨ ᠢᠷᠠᠭᠤ ᠠᠯᠳᠠᠷ ᠤᠨ ᠦᠨᠡᠮᠯᠡᠯ ᠢ ᠬᠦᠷᠲᠡᠵᠤ᠂ ᠦᠶ᠎ᠠ ᠦᠶ᠎ᠠ ᠶᠢᠨ ᠲᠤᠭ᠎ᠠ ᠦᠬᠡᠢ ᠤᠯᠠᠨ ᠰᠤᠷᠤᠭᠴᠢᠳ ᠤᠨ ᠢᠶᠠᠨ ᠬᠦᠰᠡᠯ ᠳᠤ ᠨᠢ ᠵᠢᠬᠦᠷ ᠤᠷᠭᠤᠭᠤᠯᠤᠨ᠂ ᠬᠤᠯᠠ ᠶᠢᠨ ᠠᠶᠠᠨ ᠤ ᠬᠢᠨᠢ ᠡᠷᠳᠡᠮ ᠤᠨ ᠵᠢᠯᠦᠭᠤ ᠶᠢ ᠵᠠᠯᠠᠵᠠᠢ᠃ ᠰᠠᠷᠠ ᠨᠠᠷᠠᠨ ᠢ ᠡᠭᠡᠯᠵᠢᠯᠡᠵᠦ ᠰᠠᠮᠪᠠᠷ᠎ᠠ ᠶᠢᠨ ᠡᠮᠦᠨ᠎ᠡ ᠨᠠᠰᠤ ᠪᠠᠨ ᠡᠯᠡᠭᠡᠭᠰᠡᠨ ᠪᠤᠭᠤᠷᠤᠯ ᠪᠠᠭᠰᠢ ᠶᠢᠨ ᠮᠠᠨᠢ ᠬᠢᠴᠢᠶᠡᠯ ᠵᠢᠳᠬᠦᠯ ᠤᠳᠤ ᠴᠦ ᠭᠡᠰᠡᠨ ᠵᠠᠯᠠᠭᠤ ᠪᠠᠭᠰᠢᠨᠠᠷ ᠤᠨ ᠲᠠᠭᠤᠷᠢᠶᠠᠯ ᠪᠤᠯᠵᠦ ᠦᠶ᠎ᠡ ᠶᠢᠨ ᠦᠶ᠎ᠡ ᠲᠠᠭᠤᠷᠢᠰᠤᠭᠳᠠᠬᠤ ᠨᠢ ᠯᠠᠪᠳᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号