ᠬᠠᠰᠢᠶᠠᠲᠤ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/11
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ 9 ᠰᠠᠷ᠎ᠠ ᠶᠢᠨ 9᠎ ᠤ ᠡᠳᠦᠷ᠂ ᠮᠠᠨ ᠤ ᠬᠤᠰᠢᠭᠤᠨ ᠤ ᠰᠢᠨᠡᠪᠣᠯᠠᠭ ᠪᠠᠯᠭᠠᠰᠤᠨ ᠤ ᠬᠠᠰᠢᠶᠠᠲᠤ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾᠎ ᠶᠢᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠵᠡᠢ᠃    ᠠᠵᠢᠯᠯᠠᠭ᠎ᠠ ᠳᠡᠭᠡᠷ᠎ᠡ᠂ ᠰᠢᠨᠡᠪᠣᠯᠠᠭ ᠪᠠᠯᠭᠠᠰᠤ ᠪᠣᠯᠤᠨ ᠬᠠᠰᠢᠶᠠᠲᠤ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠦᠨᠳᠦᠰᠦᠲᠡᠨ ᠤ ᠠᠵᠢᠯ ᠤᠨ ᠲᠦᠷᠦ ᠶᠢᠨ ᠪᠤᠳᠤᠯᠭ᠎ᠠ ᠪᠠ ᠤᠨᠤᠯ ᠢ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠥᠷᠭᠡᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠢᠳᠡᠪᠬᠢᠵᠢᠯ ᠢ  ᠳᠠᠶᠢᠴᠢᠯᠠᠭᠰᠠᠨ ᠪᠠᠶᠢᠨ᠎ᠠ᠃    ᠳᠠᠷᠠᠭ᠎ᠠ ᠳᠤᠨᠢ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠲᠠᠯ᠎ᠠ ᠨᠤᠲᠤᠭ ᠤᠨ ᠡᠵᠢ ᠵᠠᠩ ᠹᠧᠩ ᠰᠢᠶᠠᠨ ᠤ ᠦᠯᠢᠭᠡᠷ ᠢ ᠶᠠᠷᠢᠵᠤ᠂ ᠰᠠᠭᠤᠭᠠᠯᠢ ᠠᠷᠠᠳ ᠢ ᠬᠦᠳᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠡᠢ᠃ ᠰᠠᠭᠤᠭᠠᠯᠢ ᠠᠷᠠᠳ ᠦᠨᠳᠦᠰᠦᠲᠡᠨ ᠤ ᠪᠦᠯᠬᠦᠮᠳᠡᠯ ᠤᠨ ᠲᠤᠬᠠᠶ ᠳᠠᠭᠤᠤ ᠶᠢ ᠳᠠᠭᠤᠯᠠᠵᠤ᠂ ᠦᠨᠳᠦᠰᠦᠲᠡᠨ ᠤ ᠪᠦᠯᠬᠦᠮᠳᠡᠯ ᠢ ᠪᠠᠳᠤᠳᠬᠠᠬᠤ ᠢᠲᠡᠭᠡᠯ ᠵᠣᠷᠢᠭ ᠢᠶᠠᠨ ᠢᠯᠡᠳᠬᠡᠵᠡᠢ᠃     ᠠᠵᠢᠯᠯᠠᠭ᠎ᠠ ᠨᠢ ᠪᠠᠰᠠ ᠰᠠᠭᠤᠭᠠᠯᠢ ᠠᠷᠠᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号