ᠪᠠᠶᠠᠨᠳᠠᠯ᠎ᠠ ᠪᠠᠯᠭᠠᠰᠣᠨ ᠤ ᠭᠤᠣᠯᠳᠠᠯᠭᠠᠳᠣ ᠡᠷᠡᠬᠦᠯ ᠬᠠᠮᠠᠭᠠᠯᠠᠯ ᠤᠨ ᠬᠤᠷᠢᠶ᠎ᠠ ᠮᠦᠷᠬᠡᠴᠢ ᠭᠠᠴᠠᠭᠠᠨ ᠳᠤ ᠡᠷᠡᠬᠦᠯ ᠮᠠᠨᠳᠣ ᠶᠢᠨ ᠲᠠᠶᠢᠯᠣᠮᠵᠢ ᠬᠢᠪᠡ
ᠨᠡᠶᠢᠲᠡᠯᠡᠭᠰᠡᠨ ᠴᠠᠭ᠄
2024/9/11
     ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 9 ᠰᠠᠷ᠎ᠠ ᠶᠢᠨ 4᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠭᠤᠣᠯᠳᠠᠯᠭᠠᠳᠣ ᠡᠷᠡᠭᠦᠯ ᠬᠠᠮᠠᠭᠠᠯᠠᠯ ᠤᠨ ᠬᠤᠷᠢᠶ᠎ᠠ ᠨᠢ ᠮᠦᠷᠬᠡᠴᠢ ᠭᠠᠴᠠᠭᠠᠨ ᠳᠤ ᠬᠦᠷᠴᠦ ᠡᠷᠡᠬᠦᠯ ᠮᠠᠨᠳᠣ ᠶᠢᠨ ᠲᠣᠭᠤᠷᠢᠨ ᠲᠠᠶᠢᠯᠣᠮᠵᠢ ᠬᠢᠬᠦ ᠠᠵᠢᠯᠯᠠᠭ᠎ᠠ ᠥᠷᠨᠢᠭᠦᠯᠪᠡ᠃     ᠭᠤᠣᠯᠳᠠᠯᠭᠠᠳᠣ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠠᠴᠠ ᠮᠦᠷᠬᠡᠴᠢ ᠭᠠᠴᠠᠭᠠᠨ ᠤ ᠮᠠᠯᠴᠢᠨ ᠲᠠᠷᠢᠶᠠᠴᠢᠨ ᠳᠤ ᠴᠢᠰᠤᠨ ᠳᠠᠷᠤᠯᠲᠠ ᠬᠡᠮᠵᠢᠬᠦ᠂ ᠡᠷᠡᠬᠦᠯ ᠮᠡᠨᠳᠦ ᠶᠢᠨ ᠪᠠᠶᠢᠳᠠᠯ ᠪᠠ ᠡᠮ ᠬᠡᠷᠡᠭᠯᠡᠵᠦ ᠪᠠᠶᠢᠭ᠎ᠠ ᠪᠠᠶᠢᠳᠠᠯ ᠎ ᠢ ᠨᠡᠷᠢᠨ ᠨᠢᠮᠪᠠᠢ ᠠᠰᠠᠭᠤᠨ ᠯᠠᠪᠯᠠᠵᠣ᠂ ᠤᠯᠠᠨ ᠲᠦᠮᠡᠨ ᠤ ᠠᠰᠠᠭᠤᠯᠳᠠ ᠶᠢ ᠨᠢᠭᠡᠳ ᠨᠢᠭᠡ ᠪᠠᠷ ᠬᠠᠷᠢᠭᠤᠯᠵᠤ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠥᠭᠴᠦ᠂ ᠰᠢᠨᠵᠢᠯᠡᠬᠦ ᠤᠬᠠᠭᠠᠨᠴᠢ᠂ ᠡᠷᠡᠭᠦᠯ ᠴᠢᠬᠢᠷᠠᠭ᠂ ᠵᠥᠪ ᠣᠨᠣᠪᠴᠢᠲᠠᠶ ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠡᠮ ᠡᠮᠴᠢᠯᠡᠭᠡ ᠶᠢ ᠮᠠᠯᠴᠢᠳ ᠤᠨ ᠳᠡᠷᠭᠡᠳᠡ ᠬᠦᠷᠬᠡᠭᠰᠠᠨ ᠤ ᠬᠠᠮᠲᠤ ᠲᠠᠬᠰᠢᠭᠤᠷ᠂ ᠴᠢᠰᠣᠨ ᠲᠠᠷᠣᠯᠳᠠ ᠶᠢᠨ ᠡᠮ ᠵᠡᠷᠬᠡ ᠪᠠᠶᠢᠩᠭᠤ ᠬᠡᠷᠡᠭᠯᠡᠬᠦ ᠡᠮ ᠢ ᠬᠠᠩᠭᠠᠬᠤ ᠶᠢᠨ ᠬᠠᠮᠲᠦ ᠤᠬᠠᠭᠤᠯᠭ᠎ᠠ ᠶᠢᠨ ᠳᠡᠪᠲᠡᠷ ᠲᠠᠷᠬᠠᠭᠠᠪᠠ᠃     ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 100 ᠭᠠᠷᠤᠶ ᠬᠤᠪᠢ ᠲᠠᠷᠬᠠᠭᠠᠵᠤ᠂ 1500 ᠲᠥᠭᠦᠷᠢᠭ ᠤᠨ ᠦᠷᠳᠡᠭ ᠪᠦᠬᠦᠢ ᠪᠠᠶᠢᠩᠭᠤ ᠬᠡᠷᠡᠭᠯᠡᠬᠦ ᠡᠮ ᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠤᠯᠠᠨ ᠲᠦᠮᠡᠨ ᠤ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠦᠢᠯᠡ ᠠᠵᠢᠯᠯᠠᠭ᠎ᠠ ᠶᠢᠨ ᠳᠠᠳᠬᠠᠯ ᠲᠠᠢ ᠪᠣᠯᠬᠤ ᠶᠢ ᠠᠬᠢᠭᠤᠯᠣᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号