ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ | ᠪᠠᠲᠤᠳᠬᠠᠬᠤ ᠶᠢᠨ ᠲᠥᠯᠥᠭᠡ 9 ᠰᠠᠷ᠎ᠠ ᠶᠢᠨ 9 ᠤ ᠡᠳᠦᠷ᠂ ᠮᠠᠨ ᠤ ᠬᠤᠰᠢᠭᠤᠨ ᠤ ᠰᠢᠨᠡᠪᠣᠯᠠᠭ ᠪᠠᠯᠭᠠᠰᠤᠨ ᠤ | ᠬᠠᠰᠢᠶᠠᠲᠤ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ︾ ᠶᠢᠨ | ᠭᠤᠤᠯ ᠰᠡᠳᠦᠪᠲᠦ ᠠᠵᠢᠯᠯᠠᠭ᠎ᠠ ᠦᠷᠨᠢᠭᠦᠯᠵᠡᠢ᠃ | ᠠᠵᠢᠯᠯᠠᠭ᠎ᠠ ᠳᠡᠭᠡᠷ᠎ᠡ᠂ ᠰᠢᠨᠡᠪᠣᠯᠠᠭ ᠪᠠᠯᠭᠠᠰᠤ ᠪᠣᠯᠤᠨ ᠬᠠᠰᠢᠶᠠᠲᠤ ᠨᠡᠶᠢᠭᠡᠮ ᠲᠣᠭᠤᠷᠢᠭ ᠤᠨ ᠠᠵᠢᠯᠲᠠᠳ | ᠰᠠᠭᠤᠭᠠᠯᠢ ᠠᠷᠠᠳ ᠲᠤ ᠦᠨᠳᠦᠰᠦᠲᠡᠨ ᠤ ᠠᠵᠢᠯ ᠤᠨ ᠲᠦᠷᠦ ᠶᠢᠨ ᠪᠤᠳᠤᠯᠭ᠎ᠠ ᠪᠠ ᠤᠨᠤᠯ ᠢ ᠲᠠᠶᠢᠯᠪᠤᠷᠢᠯᠠᠵᠤ᠂ | ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ | ᠲᠦᠭᠡᠮᠡᠯᠵᠢᠭᠦᠯᠵᠦ᠂ ᠥᠷᠭᠡᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠃ | ᠳᠠᠷᠠᠭ᠎ᠠ ᠳᠤᠨᠢ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠲᠠᠯ᠎ᠠ ᠨᠤᠲᠤᠭ ᠤᠨ ᠡᠵᠢ ᠵᠠᠩ | ᠹᠧᠩ ᠰᠢᠶᠠᠨ ᠤ ᠦᠯᠢᠭᠡᠷ ᠢ ᠶᠠᠷᠢᠵᠤ᠂ ᠰᠠᠭᠤᠭᠠᠯᠢ ᠠᠷᠠᠳ ᠢ ᠬᠦᠳᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠡᠢ᠃ | ᠰᠠᠭᠤᠭᠠᠯᠢ ᠠᠷᠠᠳ ᠦᠨᠳᠦᠰᠦᠲᠡᠨ ᠤ ᠪᠦᠯᠬᠦᠮᠳᠡᠯ ᠤᠨ ᠲᠤᠬᠠᠶ ᠳᠠᠭᠤᠤ ᠶᠢ ᠳᠠᠭᠤᠯᠠᠵᠤ᠂ ᠦᠨᠳᠦᠰᠦᠲᠡᠨ ᠤ | ᠪᠦᠯᠬᠦᠮᠳᠡᠯ ᠢ ᠪᠠᠳᠤᠳᠬᠠᠬᠤ ᠢᠲᠡᠭᠡᠯ ᠵᠣᠷᠢᠭ ᠢᠶᠠᠨ ᠢᠯᠡᠳᠬᠡᠵᠡᠢ᠃ | ᠠᠵᠢᠯᠯᠠᠭ᠎ᠠ ᠨᠢ ᠪᠠᠰᠠ ᠰᠠᠭᠤᠭᠠᠯᠢ ᠠᠷᠠᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠶ᠃ |