ᠰᠢ ᠶᠢᠨ ᠫᠢᠩ ᠱᠠᠨᠰᠢ ᠶᠢᠨ ᠪᠤᠤ ᠵᠢᠢ ᠬᠤᠳᠠ ᠪᠠ ᠭᠠᠨᠰᠤ ᠶᠢᠨ ᠲᠢᠶᠠᠨ ᠱᠦᠢ ᠬᠤᠳᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/12
    10᠎ ᠤ ᠡᠳᠦᠷ ᠤᠨ ᠦᠳᠡ ᠶᠢᠨ ᠬᠤᠶᠢᠨ᠎ᠠ ᠠᠴᠠ 11᠎ ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠶ ᠬᠤᠲᠠ ᠪᠣᠯᠤᠨ ᠭᠠᠨᠰᠦ ᠮᠤᠵᠢ ᠶᠢᠨ ᠲᠢᠶᠠᠨ ᠱᠦᠶ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ᠃ ᠪᠦᠦ ᠵᠢᠢ ᠬᠤᠳᠠ ᠳᠤ᠂ ᠰᠢ ᠶᠢᠨ ᠫᠢᠩ ᠪᠣᠣ ᠵᠢᠢ ᠶᠢᠨ ᠬᠦᠷᠡᠯ ᠪᠠᠭᠠᠵᠢ ᠶᠢᠨ ᠮᠦᠽᠧᠢ᠂ ᠸᠧᠢ ᠡᡁᠧ ᠠᠮᠢ ᠠᠬᠤᠢ ᠶᠢᠨ ᠴᠡᠴᠡᠷᠯᠢᠭ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠢᠶᠠᠨ ᠱᠦᠢ ᠬᠤᠳᠠ ᠳᠤ᠂ ᠰᠢ ᠶᠢᠨ ᠫᠢᠩ ᠹᠦ᠋ ᠰᠢ ᠮᠢᠶᠤᠤ᠂ ᠮᠠᠢ ᠵᠢᠢ ᠲᠣᠭᠤᠷ᠊ ᠵᠭ᠋ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠶᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢᠶᠠᠨ ᠬᠠᠮᠠᠭᠠᠯᠠᠨ ᠤᠯᠠᠮᠵᠢᠯᠠᠬᠤ ᠶᠢ ᠠᠬᠢᠭᠤᠯᠤᠭᠰᠠᠨ᠂ ᠤᠨᠴᠠᠯᠢᠬᠳᠤ ᠤᠳᠤ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ ᠬᠥᠭᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃        
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号