9 ᠰᠠᠷ᠎ᠠ ᠶᠢᠨ 6 ᠤ ᠡᠳᠦᠷ᠂ 2024 ᠣᠨ ᠤ ᠬᠥᠪᠡᠭᠡᠲᠦ ᠰᠢᠷ᠎ᠠ ᠬᠤᠰᠢᠭᠤᠨ ᠤ ᠨᠠᠮᠤᠷ ᠤᠨ ᠤᠯᠠᠷᠢᠯ ᠤᠨ | ᠠᠩᠬᠠᠳᠤᠭᠠᠷ ᠤᠳᠠᠭᠠᠨ ᠤ ᠳᠤᠮᠳᠠᠳᠤ᠂ ᠣᠷᠣᠰ᠂ ᠮᠣᠩᠭᠤᠯ᠂ ᠫᠠᠺᠢᠰᠲ᠋ᠠᠨ ᠤ ᠣᠯᠠᠨ ᠤᠯᠤᠰ ᠤᠨ ᠪᠠᠷᠠᠭᠠᠨ ᠤ | ᠦᠵᠡᠰᠬᠦᠯᠡᠨᠩ ᠬᠤᠳᠠᠯᠳᠤᠭ᠎ᠠ ᠬᠤᠰᠢᠭᠤᠨ ᠤ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ | ᠡᠬᠢᠯᠡᠨ ᠶᠠᠪᠤᠭᠳᠠᠵᠠᠢ᠃ | ᠤᠯᠤᠰ ᠤᠨ ᠳᠣᠲᠣᠭᠠᠳᠤ ᠭᠠᠳᠠᠭᠠᠳᠤ ᠠᠴᠠ ᠢᠷᠡᠭᠰᠡᠨ ᠡᠯ᠎ᠡ ᠭᠠᠵᠠᠷ ᠤᠨ ᠬᠤᠳᠠᠯᠳᠤᠭᠠᠴᠢᠳ ᠳᠡᠯᠭᠡᠨ | ᠦᠵᠡᠭᠦᠯᠬᠦ ᠣᠷᠣᠨ ᠲᠤᠭᠤᠷᠢᠭ ᠢᠶᠠᠨ ᠨᠠᠷᠢᠨ ᠨᠢᠮᠪᠠᠢ ᠪᠠᠶᠢᠷᠢᠯᠠᠭᠤᠯᠵᠤ᠂ ᠤᠨᠴᠠᠯᠢᠭᠳᠤ ᠪᠦᠲᠦᠭᠡᠭᠳᠡᠬᠦᠨ ᠢᠶᠠᠨ | ᠲᠡᠯᠭᠡᠨ ᠦᠵᠡᠬᠦᠯᠵᠦ ᠬᠤᠳᠠᠯᠳᠤᠨ ᠶᠠᠭᠠᠷᠠᠯᠳᠤᠵᠤ ᠪᠠᠶᠢᠯ᠎ᠠ᠃ ︽ᠪᠢ ᠮᠣᠩᠭᠤᠯ ᠤᠯᠤᠰ ᠠᠴᠠ ᠠᠳᠡ ᠢᠷᠡᠭᠡᠳ | ᠨᠢᠭᠡᠨᠲᠡ ᠬᠤᠶᠠᠷ ᠡᠳᠦᠷ ᠪᠣᠯᠵᠣ ᠪᠠᠶᠢᠨ᠎ᠠ᠂ ᠪᠢ ᠨᠤᠲᠤᠭ ᠠᠴᠠ ᠪᠠᠨ ᠠᠷᠠᠰᠤᠨ ᠭᠤᠲᠤᠯ ᠠᠪᠴᠢᠷᠠᠭᠰᠠᠨ᠂ | ᠣᠯᠠᠨ ᠢᠶᠠᠷ ᠢᠶᠠᠨ ᠮᠠᠨ ᠤ ᠪᠦᠲᠦᠭᠡᠭᠳᠡᠬᠦᠨ ᠢ ᠦᠵᠡᠬᠦ ᠪᠠᠷ ᠢᠷᠡᠬᠦ ᠶᠢ ᠬᠦᠰᠡᠵᠦ ᠪᠠᠶᠢᠨ᠎ᠠ︾ ᠭᠡᠵᠦ ᠠᠷᠠᠯᠵᠢᠶᠠᠴᠢᠨ | ᠴᠢᠮᠡᠳᠳᠤᠷᠵᠢ ᠶᠠᠷᠢᠯ᠎ᠠ᠃ ︽ᠪᠢ ᠪᠤᠯ ᠫᠠᠺᠢᠰᠲ᠋ᠠᠨ ᠤ ᠠᠷᠠᠯᠵᠢᠶᠠᠴᠢᠨ᠂ ᠪᠷᠠᠽᠢᠯ ᠤᠨ ᠡᠷᠳᠡᠨᠢ ᠶᠢᠨ ᠴᠢᠯᠠᠭᠤ ᠵᠡᠷᠭᠡ | ᠵᠦᠢᠯ ᠢ ᠬᠤᠳᠠᠯᠳᠤᠵᠤ ᠪᠠᠶᠢᠨ᠎ᠠ︔ ᠬᠤᠶᠠᠳᠤᠭᠠᠷ ᠤᠳᠠᠭ᠎ᠠ ᠪᠠᠨ ᠬᠥᠪᠡᠭᠡᠲᠦ ᠰᠢᠷ᠎ᠠ ᠬᠤᠰᠢᠭᠤᠨ ᠳᠤ ᠢᠷᠡᠵᠦ | ᠪᠠᠶᠢᠨ᠎ᠠ︔ ᠲᠠᠸᠠᠷ ᠢᠶᠠᠨ ᠰᠠᠶᠢᠨ ᠬᠤᠳᠠᠯᠳᠤᠬᠤ ᠶᠢ ᠬᠦᠰᠡᠵᠦ ᠪᠠᠶᠢᠨ᠎ᠠ︾ ᠭᠡᠵᠤ ᠠᠷᠠᠯᠵᠢᠶᠠᠴᠢᠨ ᠠᠯᠢ ᠶᠠᠷᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠣᠯᠠᠨ ᠤᠯᠤᠰ ᠤᠨ ᠪᠠᠷᠠᠭᠠᠨ ᠤ ᠦᠵᠡᠰᠬᠦᠯᠡᠨᠩ ᠬᠤᠳᠠᠯᠳᠤᠭ᠎ᠠ ᠨᠢ | 9 ᠰᠠᠷ᠎ᠠ ᠶᠢᠨ 6 ᠤ ᠡᠳᠦᠷ ᠠᠴᠠ 11 ᠤ ᠡᠳᠦᠷ ᠪᠣᠯᠲᠠᠯ᠎ᠠ ᠶᠠᠪᠤᠭᠳᠠᠬᠤ ᠪᠠᠷ ᠪᠠᠶᠢᠵᠤ᠂ ᠮᠣᠩᠭᠤᠯ ᠤᠯᠤᠰ᠂ | ᠫᠠᠺᠢᠰᠲ᠋ᠠᠨ ᠵᠡᠷᠭᠡ ᠭᠠᠵᠠᠷ ᠠᠴᠠ ᠢᠷᠡᠭᠰᠡᠨ ᠲᠦᠴᠢᠭᠡᠳ ᠬᠤᠳᠠᠯᠳᠤᠭᠠᠴᠢᠨ ᠤᠷᠤᠯᠴᠠᠵᠤ᠂ ᠭᠠᠷᠤᠯᠲᠠ ᠶᠢᠨ ᠭᠠᠵᠠᠷ | ᠣᠷᠣᠨ ᠤ ᠠᠮᠲᠠᠲᠤ ᠢᠳᠡᠭᠡᠨ᠂ ᠠᠷᠠᠰᠤᠨ ᠡᠳ᠋ᠯᠡᠯ᠂ ᠵᠠᠰᠠᠯ ᠵᠢᠮᠰᠡᠭ᠂ ᠨᠤᠤᠰᠤ ᠨᠣᠯᠤᠤᠷ ᠤᠨ ᠪᠦᠳᠦᠭᠡᠭᠳᠡᠬᠦᠨ᠂ | ᠭᠤᠶᠣᠯᠠᠯ ᠤᠨ ᠡᠳ᠋᠂ ᠭᠠᠷ ᠤᠷᠠᠯᠠᠯ ᠤᠨ ᠡᠳ᠋᠂ ᠡᠳᠦᠷ ᠲᠤᠲᠤᠮ ᠤᠨ ᠬᠡᠷᠡᠭᠯᠡᠭᠡᠨ ᠤ ᠡᠳ᠋᠂ ᠥᠪᠡᠷᠮᠢᠴᠡ | ᠣᠨᠴᠠᠯᠢᠭ ᠲᠠᠢ ᠦᠨᠳᠦᠰᠦᠲᠡᠨ ᠤ ᠬᠤᠪᠴᠠᠰᠤ ᠵᠠᠰᠠᠯ᠂ ᠱᠠᠬᠠᠶ ᠮᠠᠯᠠᠭᠠᠶ ᠵᠡᠷᠭᠡ ᠲᠠᠸᠠᠷ ᠢ ᠪᠤᠷᠤᠯᠠᠭᠤᠯᠵᠤ ᠪᠤᠢ᠃ | ᠲᠤᠰ ᠤᠳᠠᠭᠠᠨ ᠤ ᠣᠯᠠᠨ ᠤᠯᠤᠰ ᠤᠨ ᠪᠠᠷᠠᠭᠠᠨ ᠤ ᠦᠵᠡᠰᠬᠦᠯᠡᠨᠩ ᠬᠤᠳᠠᠯᠳᠤᠭ᠎ᠠ ᠨᠢ ᠬᠥᠷᠰᠢ ᠵᠡᠷᠭᠡᠯᠡᠳᠡᠭᠡ | ᠭᠠᠵᠠᠷ ᠣᠷᠣᠨ ᠤ ᠨᠥᠬᠦᠷᠰᠡᠭ ᠶᠠᠪᠤᠯᠴᠠᠭ᠎ᠠ ᠶᠢ ᠨᠢᠭᠳᠠᠷᠠᠭᠤᠯᠵᠤ᠂ ᠥᠨᠳᠥᠷ ᠬᠢᠷᠢ ᠲᠦᠪᠰᠢᠨ ᠪᠥᠬᠦᠶ ᠬᠠᠷᠢᠯᠴᠠᠭ᠎ᠠ | ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢ ᠨᠦᠯᠦᠭᠡ ᠦᠵᠡᠬᠦᠯᠦᠭᠰᠡᠨ |