ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠪᠰᠢᠯᠲᠤ ᠣᠩᠭᠤᠨ ᠠᠭᠤᠯᠠ ᠰᠣᠮᠣᠨ ᠤ ᠪᠤᠩᠬᠤᠨ ᠭᠤᠤᠯ ᠭᠠᠴᠠᠭᠠᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠣᠷᠢᠯᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 12᠎ ᠤ  ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ  ᠬᠡᠰᠢᠭᠦᠨ ᠂ ᠳᠡᠳ᠋ ᠲᠡᠷᠢᠭᠦᠯᠡᠭᠴᠢ ᠳᠠᠪᠰᠢᠯᠲᠤ ᠮᠠᠨ ᠤ ᠰᠤᠮᠤᠨ ᠤ ᠪᠤᠩᠬᠤᠨ ᠭᠤᠤᠯ ᠭᠠᠴᠠᠭᠠᠨ ᠎ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠤᠬᠠᠭᠤᠯᠤᠨ ᠲᠠᠶᠢᠯᠪᠣᠷᠢᠯᠠᠪᠠ᠃ ᠰᠤᠮᠤᠨ ᠤ ᠨᠠᠮ ᠤᠨ ᠬᠤᠷᠢᠶᠠᠨ ᠤ ᠱᠦᠵᠢ᠂ ᠨᠠᠮ ᠣᠯᠠᠨ ᠲᠥᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠠᠭᠤᠯᠠ ᠬᠤᠷᠠᠯ ᠢ  ᠡᠷᠬᠢᠯᠡᠨ᠂ ᠭᠠᠴᠠᠭᠠᠨ ᠤ ᠬᠤᠶᠠᠷ ᠵᠥᠪᠯᠡᠯ᠂  ᠭᠠᠴᠠᠭᠠᠨ ᠳᠤ  ᠪᠠᠭᠤᠭᠰᠠᠨ ᠺᠠᠳ᠋ᠷ ᠵᠢᠴᠢ ᠮᠠᠯᠴᠢᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃     ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠳᠠᠪᠰᠢᠯᠲᠤ ᠨᠥᠬᠦᠷ ᠲᠦᠬᠦᠮ ᠣᠶᠢᠯᠠᠭᠠᠮᠵᠢᠲᠠᠢ ᠦᠭᠡ ᠬᠡᠯᠡ ᠂ ᠠᠮᠢᠳᠤᠯᠢᠭ ᠪᠣᠳᠠᠲᠠᠢ ᠵᠢᠱᠢᠶ᠎ᠡ ᠪᠠᠷ ᠳᠠᠮᠵᠢᠨ᠂ ᠪᠦᠬᠦᠳᠠ ᠬᠤᠷᠠᠯ ᠠᠴᠠ ᠳᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠨᠤᠲᠠᠯᠠᠯᠲᠠ ᠶᠢᠨ ᠲᠤᠬᠠᠢ ᠭᠦᠨᠵᠡᠭᠡᠢ ᠲᠠᠶᠢᠯᠤᠮᠵᠢ  ᠬᠢᠪᠡ᠃     ᠬᠤᠷᠠᠯ ᠤᠨ ᠡᠴᠦᠰ ᠲᠤ᠂ ᠳᠠᠪᠰᠢᠯᠲᠤ ᠨᠥᠬᠦᠷ ᠬᠤᠷᠠᠯ ᠳᠤ ᠣᠷᠣᠯᠴᠠᠭᠰᠠᠨ ᠬᠥᠮᠦᠰ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠠᠰᠠᠭᠤᠳᠠᠯ ᠎ ᠤᠨ ᠲᠤᠬᠠᠢ ᠰᠠᠨᠠᠯ ᠢᠶᠠᠨ ᠰᠣᠯᠢᠯᠴᠠᠪᠠ᠃     ᠤᠬᠠᠭᠤᠯᠤᠨ ᠲᠠᠶᠢᠯᠪᠤᠷᠢᠯᠠᠬᠤ ᠬᠤᠷᠠᠯ ᠤᠨ ᠠᠭᠤᠯᠭ᠎ᠠ ᠨᠢ ᠡᠯᠪᠡᠭ ᠪᠠᠶᠠᠯᠢᠭ᠂ ᠮᠠᠰᠢ ᠰᠠᠶᠢᠨ ᠬᠠᠨᠳᠤᠯᠭᠠᠲᠤ ᠴᠢᠨᠠᠷ ᠪᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠵᠤ᠂ ᠬᠤᠷᠠᠯ ᠳᠤ ᠣᠷᠣᠯᠴᠠᠭᠰᠠᠨ ᠨᠠᠮ ᠤᠨ ᠬᠡᠰᠢᠭᠦᠳ ᠨᠠᠮ ᠎ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠲᠤᠬᠠᠢ ᠨᠡᠩ ᠭᠦᠨᠵᠡᠭᠡᠢ ᠲᠠᠨᠢᠯᠲᠠ ᠪᠠ ᠣᠶᠢᠯᠠᠭᠠᠯᠲᠠ ᠲᠠᠢ  ᠪᠣᠯᠪᠠ᠃
 
ᠢᠷᠡᠯᠲᠡ᠄ ᠣᠩᠭᠤᠨ ᠠᠭᠤᠯᠠ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号