ᠤᠩᠭᠤᠨ ᠠᠭᠤᠯᠠ ᠰᠤᠮᠤ ᠳᠡᠭᠡᠳᠦ ᠱᠠᠲᠤᠨ ᠤ ᠪᠠᠶᠢᠴᠠᠭᠠᠨ ᠵᠢᠯᠣᠭᠤᠳᠴᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14
     9 ᠰᠠᠷ᠎ᠠ ᠶᠢᠨ 11᠎ ᠤ ᠡᠳᠦᠷ᠂ ᠤᠩᠭᠤᠨ ᠠᠭᠤᠯᠠ ᠰᠤᠮᠤ ᠳᠡᠭᠡᠳᠦ ᠱᠠᠲᠤᠨ ᠤ ᠪᠠᠶᠢᠴᠠᠭᠠᠨ ᠵᠢᠯᠣᠭᠤᠳᠴᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠳᠡᠳ᠋ ᠰᠤᠮᠤᠨ ᠳᠠᠷᠤᠭ᠎ᠠ ᠪᠤᠶᠠᠨᠲᠤᠭᠲᠠᠬᠤ ᠬᠤᠷᠠᠯ ᠡᠷᠬᠢᠯᠡᠨ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭᠠᠨ ᠳᠤ ᠪᠠᠭᠤᠭᠰᠠᠨ ᠺᠠᠳ᠋ᠷᠴᠣᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠰᠢᠭᠦᠳ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠳᠡᠭᠡᠳᠦ ᠱᠠᠲᠤᠨ ᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠮᠡᠳᠡᠭᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠤᠭᠰᠠᠨ ᠪᠥᠭᠡᠳ ᠵᠠᠳᠠᠯᠤᠨ ᠶᠠᠷᠢᠯᠴᠠᠵᠤ᠂ ᠬᠠᠮᠢᠶ᠎ᠠ ᠪᠥᠬᠦᠶ ᠠᠵᠢᠯ ᠳᠤ ᠪᠣᠳᠠᠲᠠᠢ ᠪᠠᠶᠢᠷᠢᠯᠠᠭᠤᠯᠣᠯᠲᠠ ᠬᠢᠪᠡ᠃     ᠬᠤᠷᠠᠯ ᠠᠴᠠ᠂ ᠨᠢᠭᠡ ᠳᠤ᠂ ᠶᠠᠳᠠᠭᠤ ᠠᠴᠠ ᠠᠩᠭᠢᠵᠢᠷᠠᠭᠤᠯᠵᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ ᠲᠤᠯᠭᠠᠮ ᠪᠤᠳᠤᠯ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠭᠠᠴᠠᠭᠠᠨ ᠤ ᠱᠦᠵᠢ᠂ ᠨᠢᠭᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠰᠢᠭᠦᠳ᠂ ᠭᠠᠴᠠᠭᠠᠨ ᠳᠤ ᠪᠠᠭᠤᠭᠰᠠᠨ ᠺᠠᠳ᠋ᠷ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠠᠬᠢᠨ ᠶᠠᠳᠠᠭᠤᠷᠠᠬᠤ ᠶᠢ ᠲᠥᠪᠯᠡᠷᠡᠭᠦᠯᠦᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠬᠥᠮᠦᠰ ᠤᠨ ︽ᠣᠷᠣᠭᠤᠯᠬᠤ ᠵᠣᠬᠢᠰᠲᠠᠢ ᠪᠦᠬᠦᠨ ᠢ ᠨᠢ ᠣᠷᠣᠭᠤᠯᠬᠤ︾᠎ ᠶᠢ ᠪᠡᠶᠡᠯᠡᠭᠦᠯᠵᠦ᠂ ᠣᠷᠣᠯᠭ᠎ᠠ ᠵᠠᠷᠤᠯᠭ᠎ᠠ ᠶᠢᠨ ᠪᠤᠳᠤᠯᠲᠠ ᠶᠢ ᠣᠨᠣᠪᠴᠢᠲᠠᠶ ᠪᠠᠶᠢᠯᠭᠠᠬᠤ᠂ ᠣᠯᠠᠨ ᠲᠦᠮᠡᠨ ᠳᠤ ᠮᠡᠳᠡᠷᠡᠭᠦᠯᠬᠦ ᠶᠢ ᠦᠨᠡᠨ ᠬᠦ ᠪᠠᠲᠤᠯᠠᠵᠤ᠂ ︽ᠬᠤᠤᠰ ᠭᠠᠷ ᠤᠨ ᠥᠰᠥᠭ ᠵᠢᠷᠤᠬᠤ︾᠎ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠎ ᠶᠢ ᠰᠠᠶᠢᠲᠤᠷ ᠬᠢᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠡᠯ᠎ᠡ ᠭᠠᠴᠠᠭᠠᠨ ᠤ ᠳᠠᠩᠰᠠ ᠡᠪᠬᠡᠮᠡᠯ ᠤᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠰᠢᠰᠲ᠋ᠧᠮᠲᠦ ᠴᠢᠨᠠᠷ ᠢ ᠳᠡᠭᠡᠭᠰᠢᠯᠡᠭᠦᠯᠵᠦ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠬᠦ ᠶᠢ ᠪᠠᠲᠤᠯᠠᠨ᠎ᠠ᠃ ᠬᠥᠳᠡᠭᠡ ᠪᠠᠭᠤᠭᠰᠠᠨ ᠺᠠᠳ᠋ᠷ ᠡᠯ᠎ᠡ ᠭᠠᠴᠠᠭ᠎ᠠ ᠶᠢ ᠬᠠᠮᠵᠢᠨ ᠥᠪᠡᠷ ᠎ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠨᠠᠶᠢᠳᠠᠪᠣᠷᠢᠵᠢᠭᠤᠯᠣᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠭᠡᠷᠡᠭᠲᠠᠢ ᠭᠡᠵᠦ ᠴᠢᠬᠤᠯᠠᠴᠢᠯᠠᠪᠠ᠃
 
ᠢᠷᠡᠯᠲᠡ᠄ ᠤᠩᠭᠤᠨ ᠠᠭᠤᠯᠠ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号