ᠣᠩᠭᠤᠨ ᠠᠭᠤᠯᠠ ᠰᠤᠮᠤ 2024 ᠣᠨ ᠤ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14
     ᠶᠠᠳᠠᠭᠤ ᠠᠴᠠ ᠠᠩᠭᠢᠵᠢᠷᠠᠭᠤᠯᠵᠦ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠣᠷᠣᠭᠤᠯᠬᠤ ᠵᠣᠬᠢᠰᠲᠠᠢ ᠶᠢ ᠨᠢ ᠪᠦᠬᠦᠨ ᠢ ᠣᠷᠣᠭᠤᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ  9 ᠰᠠᠷ᠎ᠠ ᠶᠢᠨ 12᠎ ᠤ ᠡᠳᠦᠷ᠂ ᠣᠩᠭᠤᠨ ᠠᠭᠤᠯᠠ ᠰᠤᠮᠤ 2024 ᠣᠨ ᠤ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠪᠠ᠃ ᠳᠡᠳ᠋ ᠰᠤᠮᠤᠨ ᠳᠠᠷᠤᠭ᠎ᠠ ᠪᠤᠶᠠᠨᠲᠤᠭᠲᠠᠬᠤ ᠬᠤᠷᠠᠯ ᠢ ᠡᠷᠬᠢᠯᠡᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠎ᠶ᠋ᠢᠨ ᠬᠡᠰᠢᠭᠦᠳ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠭᠤᠷᠪᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ᠂  ᠭᠠᠷ ᠤᠲᠠᠰᠤᠨ ᠤ APP᠎ ᠶᠢ ᠰᠢᠨᠡᠳᠬᠡᠵᠦ ᠲᠡᠭᠦᠯᠳᠡᠷᠵᠢᠭᠦᠯᠦᠭᠰᠡᠨ ᠪᠠᠶᠢᠳᠠᠯ ᠤᠨ ᠲᠤᠬᠠᠶ ᠪᠥᠬᠦ ᠲᠠᠯ᠎ᠠ ᠶᠢᠨ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠡᠯ᠎ᠡ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠢᠨᠠᠨ ᠰᠢᠯᠭᠠᠭᠳᠠᠬᠤ ᠡᠲᠡᠭᠡᠳ᠂  ︽ᠠᠷᠪᠠᠨ ᠲᠥᠷᠥᠯ ᠤᠨ ᠬᠥᠮᠦᠰ︾ ᠵᠡᠷᠭᠡ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠣᠷᠣᠯᠭ᠎ᠠ ᠵᠠᠷᠤᠯᠭ᠎ᠠ᠂ ︽ᠭᠤᠷᠪᠠ ᠶᠢ ᠪᠠᠲᠤᠯᠠᠬᠤ︾ ᠵᠢᠴᠢ ᠠᠶᠤᠯᠭᠦᠶ ᠤᠤᠭᠤᠬᠤ ᠤᠰᠤ ᠵᠡᠷᠭᠡ ᠦᠶᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠ᠃     ᠬᠤᠷᠠᠯ ᠠᠴᠠ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠴᠢᠩᠭ᠎ᠠ ᠨᠠᠶᠢᠳᠠᠪᠣᠷᠢᠵᠢᠭᠤᠯᠣᠨ᠂ ᠣᠷᠣᠯᠭ᠎ᠠ ᠵᠠᠷᠤᠯᠭ᠎ᠠ ᠶᠢᠨ ᠲᠥᠰᠦᠭᠡᠯᠡᠨ ᠪᠤᠳᠤᠯᠲᠠ ᠶᠢ ᠣᠨᠣᠪᠴᠢᠲᠠᠶ ᠪᠠᠶᠢᠯᠭᠠᠬᠤ ᠶᠢ ᠦᠨᠡᠨ ᠬᠦ ᠪᠠᠲᠤᠯᠠᠵᠤ᠂  ︽ᠬᠤᠤᠰ ᠭᠠᠷ ᠤᠨ ᠥᠰᠥᠭ ᠵᠢᠷᠤᠬᠤ︾ ᠠᠵᠢᠯ ᠢ ᠨᠠᠶᠢᠳᠠᠪᠤᠷᠢᠵᠢᠭᠤᠯᠵᠤ᠂ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ ᠮᠠᠯᠵᠢᠬᠤ ᠡᠷᠦᠬᠡ ᠶᠢ ᠬᠢᠨᠠᠨ ᠬᠡᠮᠵᠢᠬᠦ ᠬᠡᠪᠴᠢᠶᠡᠨ ᠳᠤ ᠴᠠᠭ ᠲᠤᠬᠠᠶ ᠳᠤᠨᠢ ᠣᠷᠣᠭᠤᠯᠵᠤ᠂ ︽ᠣᠷᠣᠭᠤᠯᠬᠤ ᠶᠣᠰᠣᠲᠠᠶ ᠪᠠᠶᠢᠲᠠᠯ᠎ᠠ ᠣᠷᠣᠭᠤᠯᠤᠭᠰᠠᠨ ᠥᠬᠡᠶ︾ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠤᠬᠠᠭᠤᠯᠤᠯ ᠢ ᠴᠢᠩᠭᠠᠷᠠᠭᠤᠯᠵᠤ᠂ ᠦᠷᠭᠦᠯᠵᠢᠯᠡᠨ ᠡᠷᠦᠬᠡ ᠳᠤ ᠭᠦᠨᠵᠡᠭᠡᠶᠢᠷᠡᠬᠦ ᠬᠡᠷᠡᠭᠲᠠᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠵᠢᠴᠢ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠠᠷᠠᠳ ᠲᠤ ᠠᠰᠢᠭ ᠬᠦᠷᠲᠡᠭᠡᠬᠦ ᠦᠶᠯᠡᠳᠦᠯ ᠢ ᠦᠨᠡᠨ ᠬᠦ ᠪᠠᠳᠠᠷᠠᠭᠤᠯᠣᠨ᠂ ᠮᠠᠯᠵᠢᠬᠤ ᠡᠷᠦᠬᠡ ᠶᠢᠨ ᠮᠡᠳᠡᠬᠦ ᠨᠣᠷᠮ᠎ᠠ ᠶᠢ ᠳᠡᠭᠡᠭᠰᠢᠯᠡᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠣᠨ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠴᠢᠩᠭᠠᠳᠬᠠᠵᠤ᠂ ᠳᠣᠤᠷ᠎ᠠ ᠣᠷᠣᠯᠭ᠎ᠠ ᠲᠠᠢ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ‌ᠨᠡᠮᠡᠷᠢᠯᠡᠬᠦ ᠬᠡᠷᠡᠭᠲᠠᠢ ᠭᠡᠵᠦ ᠴᠢᠬᠤᠯᠠᠴᠢᠯᠠᠪᠠ᠃
 
ᠢᠷᠡᠯᠲᠡ᠄ ᠣᠩᠭᠤᠨ ᠠᠭᠤᠯᠠ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号