ᠬᠥᠪᠡᠭᠡᠲᠦ ᠰᠢᠷ᠎ᠠ ᠬᠤᠰᠢᠭᠤᠨ ᠤ ᠤᠳᠬ᠎ᠠ ᠵᠣᠬᠢᠶᠠᠯ ᠤᠨ ᠳ᠋ᠣᠺᠲ᠋ᠣᠷ ᠢ ᠣᠭᠲᠤᠬᠤ ᠰᠠᠭᠤᠳᠠᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2024/9/27
     ᠬᠥᠪᠡᠭᠡᠲᠦ ᠰᠢᠷ᠎ᠠ ᠬᠤᠰᠢᠭᠤᠨ ᠤ ᠰᠣᠶᠣᠯ ᠤᠨ ᠰᠠᠭᠤᠷᠢ ᠭᠦᠨ ᠵᠤᠵᠠᠭᠠᠨ᠂ ᠰᠣᠶᠣᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠡᠷᠲᠡᠨ ᠠᠴᠠ ᠪᠠᠨ ᠰᠣᠶᠣᠯ ᠢ ᠡᠷᠬᠢᠮᠯᠡᠨ ᠰᠤᠷᠭᠠᠨ ᠬᠥᠮᠦᠵᠢᠯ ᠢ ᠴᠢᠬᠤᠯᠠᠴᠢᠯᠠᠵᠤ᠂ ︽ᠳ᠋ᠣᠺᠲ᠋ᠣᠷ ᠤᠨ ᠨᠤᠲᠤᠭ︾ ᠭᠡᠰᠡᠨ ᠴᠣᠯᠠ ᠲᠠᠢ ᠪᠠᠶᠢᠵᠤ᠂ 3.1 ᠲᠦᠮᠡᠨ ᠬᠥᠮᠦᠨ ᠠᠮᠠ ᠶᠢᠨ ᠳᠣᠲᠣᠷ᠎ᠠ ᠠᠴᠠ 60 ᠭᠠᠷᠤᠶ ᠳ᠋ᠣᠺᠲ᠋ᠣᠷ ᠴᠣᠯᠭᠤᠷᠠᠨ ᠭᠠᠷᠴᠤ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ᠂ ᠴᠥᠮ᠎ᠡ ᠶᠢᠨ ᠢᠨᠵᠧᠨᠧᠷᠢᠩ᠂ ᠬᠠᠤᠯᠢ ᠶᠢᠨ ᠤᠬᠠᠭᠠᠨ᠂ ᠤᠷᠠᠯᠢᠭ ᠤᠨ ᠰᠤᠳᠤᠯᠭᠠᠨ ᠵᠡᠷᠭᠡ ᠣᠯᠠᠨ ᠬᠦᠷᠢᠶᠡᠨ ᠳᠤ ᠢᠳᠡᠪᠬᠢᠲᠡᠶ ᠠᠵᠢᠯᠯᠠᠵᠤ ᠪᠠᠶᠢᠳᠠᠭ᠃ 2024 ᠣᠨ ᠳᠤ᠂ ᠬᠥᠪᠡᠭᠡᠲᠦ ᠰᠢᠷ᠎ᠠ ᠬᠤᠰᠢᠭᠤᠨ ᠳᠤ ᠰᠢᠨ᠎ᠡ ᠪᠠᠷ ᠬᠤᠶᠠᠷ ᠳ᠋ᠣᠺᠲ᠋ᠣᠷ ᠨᠡᠮᠡᠭᠳᠡᠵᠥ᠂ ᠰᠢᠨ᠎ᠡ ᠨᠡᠮᠡᠭᠳᠡᠭᠰᠡᠨ ᠳ᠋ᠣᠺᠲ᠋ᠣᠷ ᠢᠶᠠᠨ ᠣᠭᠲᠤᠬᠤ ᠶᠢᠨ ᠲᠣᠰᠠᠳᠠ᠂ 8 ᠰᠠᠷ᠎ᠠ ᠶᠢᠨ 13᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠤᠳᠬ᠎ᠠ ᠵᠣᠬᠢᠶᠠᠯ ᠤᠨ ᠳ᠋ᠣᠺᠲ᠋ᠣᠷ ᠢ ᠣᠭᠲᠤᠬᠤ ᠰᠠᠭᠤᠳᠠᠯ ᠤᠨ ᠬᠤᠷᠠᠯ ᠬᠤᠷᠠᠯᠳᠤᠵᠠᠢ᠃ ᠤᠳᠬ᠎ᠠ ᠵᠣᠬᠢᠶᠠᠯ ᠤᠨ ᠳ᠋ᠣᠺᠲ᠋ᠣᠷ ᠰᠠ᠊ ·  ᠴᠤᠮᠤᠷᠯᠢᠭ ᠪᠤᠯᠤᠨ ᠤᠷᠬᠠᠨ᠂ ᠬᠥᠪᠡᠭᠡᠲᠦ ᠰᠢᠷ᠎ᠠ ᠬᠤᠰᠢᠭᠤᠨ ᠤ ᠬᠡᠰᠡᠭ ᠵᠣᠬᠢᠶᠠᠯᠴᠢ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠰᠢᠨ᠎ᠡ ᠪᠠᠷ ᠨᠡᠮᠡᠭᠳᠡᠭᠰᠡᠨ ᠳ᠋ᠣᠺᠲ᠋ᠣᠷ ᠥᠪᠡᠷ ᠤᠨ ᠰᠤᠳᠤᠯᠭᠠᠨ ᠤ ᠥᠩᠭᠡᠷᠡᠯᠲᠡ᠂ ᠰᠤᠷᠤᠯᠭ᠎ᠠ ᠠᠮᠢᠳᠤᠷᠠᠯ ᠪᠠ ᠠᠵᠢᠯ ᠤᠨ ᠪᠠᠶᠢᠳᠠᠯ ᠢᠶᠠᠨ ᠲᠤᠰ ᠲᠤᠰ ᠲᠠᠨᠢᠯᠴᠠᠭᠤᠯᠤᠭᠰᠠᠨ ᠪᠥᠭᠡᠳ ᠬᠤᠷᠠᠯ ᠳᠤ ᠣᠷᠣᠯᠴᠠᠭᠰᠠᠨ ᠤᠳᠬ᠎ᠠ ᠵᠣᠬᠢᠶᠠᠯᠴᠢᠳ ᠲᠠᠢ ᠤᠳᠬ᠎ᠠ ᠵᠣᠬᠢᠶᠠᠯ ᠤᠨ ᠬᠥᠭᠵᠢᠯᠲᠡ ᠶᠢ ᠬᠡᠷᠬᠢᠨ ᠠᠬᠢᠭᠤᠯᠬᠤ᠂ ᠤᠳᠬ᠎ᠠ ᠵᠣᠬᠢᠶᠠᠯ ᠤᠨ ᠪᠦᠲᠦᠭᠡᠯ ᠤᠨ ᠲᠤᠬᠠᠶ ᠣᠶᠢᠯᠠᠭᠠᠯᠲᠠ ᠪᠠᠨ ᠬᠡᠷᠬᠢᠨ ᠪᠠᠶᠠᠯᠢᠭᠵᠢᠭᠤᠯᠬᠤ᠂ ᠥᠪᠡᠷ ᠤᠨ ᠤᠳᠬ᠎ᠠ ᠵᠣᠬᠢᠶᠠᠯ ᠰᠣᠨᠢᠷᠬᠠᠬᠤ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠰᠡᠳᠬᠢᠯ ᠢᠶᠠᠨ ᠠᠭᠤᠵᠢᠷᠠᠲᠠᠯ᠎ᠠ ᠶᠠᠷᠢᠯᠴᠠᠵᠠᠶ᠃     ︽ᠰᠤᠷᠪᠤᠯᠵᠢᠯᠠᠭ᠎ᠠ ᠄ ᠮᠤᠩᠭᠤᠯ ᠬᠡᠯᠡ ᠤᠷᠠᠨ ᠵᠤᠬᠢᠶᠠᠯ ᠤᠨ ᠳ᠋ᠣᠺᠲ᠋ᠣᠷ ᠤᠷᠬᠠᠨ᠄ ᠪᠢ ᠪᠣᠯ ᠮᠤᠩᠭᠤᠯ ᠬᠡᠯᠡ ᠤᠷᠠᠨ ᠵᠤᠬᠢᠶᠠᠯ ᠤᠨ ᠳ᠋ᠣᠺᠲ᠋ᠣᠷ ᠲᠡᠭᠦᠰᠦᠭᠰᠡᠨ ᠰᠤᠷᠤᠭᠴᠢ ᠮᠥᠨ᠂ ᠳ᠋ᠣᠺᠲ᠋ᠣᠷ ᠦᠵᠡᠶ᠎ᠡ ᠭᠡᠵᠥ ᠪᠤᠳᠤᠭᠰᠠᠨ ᠬᠦᠮᠦᠨ ᠪᠣᠯ ᠵᠢᠩᠬᠢᠨᠢ ᠠᠩᠭᠢ ᠠᠴᠠ ᠪᠠᠨ ᠡᠬᠢᠯᠡᠵᠥ ᠮᠡᠷᠭᠡᠵᠢᠯ ᠢᠶᠠᠨ ᠰᠠᠶᠢᠨ ᠰᠤᠷᠤᠯᠴᠠᠭᠠᠳ ᠳ᠋ᠣᠺᠲ᠋ᠣᠷ ᠴᠣᠯᠠ ᠬᠠᠮᠠᠭᠠᠯᠠᠪᠠᠯ ᠬᠤᠵᠢᠮ ᠤᠨ ᠠᠵᠢᠯ ᠦᠢᠯᠡᠰ ᠤᠨ ᠲᠠᠯ᠎ᠠ ᠳᠡᠭᠡᠷ᠎ᠡ ᠦᠨᠳᠦᠷ ᠳᠦᠪᠰᠢᠨ ᠳᠤ ᠬᠦᠷᠴᠦ ᠳᠡᠶᠢᠯᠦᠨ᠎ᠡ ᠭᠡᠵᠥ ᠪᠤᠳᠣᠵᠤ ᠪᠠᠶᠢᠨ᠎ᠠ᠃ ︾ ᠭᠡᠵᠡᠶ᠃     ︽ᠰᠤᠷᠪᠤᠯᠵᠢᠯᠠᠭ᠎ᠠ᠄  ᠬᠡᠯᠨ ᠪᠢᠴᠢᠭ ᠤᠨ ᠤᠬᠠᠭᠠᠨ ᠤ ᠳ᠋ᠣᠺᠲ᠋ᠣᠷ ᠴᠤᠮᠤᠷᠯᠢᠭ᠄ ᠪᠢ 2019 ᠣᠨ ᠠᠴᠠ ᠡᠬᠢᠯᠡᠵᠥ ᠳ᠋ᠣᠺᠲ᠋ᠣᠷ ᠰᠤᠷᠤᠭᠰᠠᠨ᠂ ᠳᠤᠮᠳᠠ ᠨᠢ ᠪᠠᠰᠠ ᠺᠤᠷᠤᠨᠠ ᠪᠤᠯᠤᠭᠰᠠᠨ᠂ ᠡᠯᠳᠡᠪ ᠰᠢᠯᠲᠠᠭᠠᠨ ᠠᠴᠠ ᠪᠣᠯᠵᠤ ᠲᠠᠪᠤᠳᠤᠭᠠᠷ ᠵᠢᠯ ᠳᠡᠭᠡᠷ᠎ᠡ ᠪᠠᠨ ᠳ᠋ᠣᠺᠲ᠋ᠣᠷ ᠴᠤᠯᠠ ᠪᠠᠨ ᠬᠠᠮᠠᠭᠠᠯᠠᠭᠰᠠᠨ᠂ ᠦᠨᠦᠳᠦᠷ ᠨᠤᠲᠤᠭ ᠲᠤ ᠪᠠᠨ ᠢᠷᠡᠵᠥ ᠲᠣᠰ ᠬᠤᠷᠠᠯ ᠳᠤ ᠤᠷᠤᠯᠴᠠᠵᠤ ᠪᠠᠶᠢᠬᠤ ᠳᠠᠭᠠᠨ ᠮᠠᠰᠢ ᠶᠡᠭᠡ ᠪᠠᠶᠠᠷᠲᠠᠢ ᠪᠠᠶᠢᠨ᠎ᠠ᠃ ᠳᠠᠷᠠᠭᠠᠴᠢ ᠪᠠᠷ ᠪᠢ ᠮᠤᠩᠭᠤᠯ ᠤᠯᠤᠰ ‍ᠤᠨ‌‍ᠰᠠᠩᠬᠦᠦ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠪᠤᠯᠪᠠᠰᠤᠷᠠᠯ ᠤᠨ ᠳᠡᠭᠡᠳᠦ ᠰᠤᠷᠭᠠᠭᠤᠯᠢ ᠳᠤ ᠤᠳᠬ᠎ᠠ ᠵᠤᠬᠢᠶᠠᠯ ᠤᠨ ᠪᠠᠭᠰᠢ ᠪᠠᠷ ᠠᠵᠢᠯᠯᠠᠬᠤ ᠪᠠᠷ ᠪᠤᠢ᠃︾ᠲᠣᠰ ᠤᠳᠠᠭᠠᠨ ᠤ ᠬᠥᠪᠡᠭᠡᠲᠦ ᠰᠢᠷ᠎ᠠ ᠬᠤᠰᠢᠭᠤᠨ ᠤ ᠤᠳᠬ᠎ᠠ ᠵᠣᠬᠢᠶᠠᠯ ᠤᠨ ᠳ᠋ᠣᠺᠲ᠋ᠣᠷ ᠢ ᠣᠭᠲᠤᠬᠤ ᠰᠠᠭᠤᠳᠠᠯ ᠤᠨ ᠬᠤᠷᠠᠯ ᠢ ᠬᠤᠷᠠᠯᠳᠤᠭᠤᠯᠤᠭᠰᠠᠨ ᠨᠢ ᠬᠥᠪᠡᠭᠡᠲᠦ ᠰᠢᠷ᠎ᠠ ᠬᠤᠰᠢᠭᠤᠨ ᠤ ᠤᠳᠬ᠎ᠠ ᠵᠣᠬᠢᠶᠠᠯ ᠤᠨ ᠦᠢᠯᠡᠰ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠵᠡᠢ᠃ ᠬᠥᠪᠡᠭᠡᠲᠦ ᠰᠢᠷ᠎ᠠ ᠬᠤᠰᠢᠭᠤᠨ ᠤ ᠤᠳᠬ᠎ᠠ ᠤᠷᠠᠯᠢᠭ ᠤᠨ ᠬᠤᠯᠪᠣᠭ᠎ᠠ ᠶᠢᠨ ᠬᠢᠨ ᠰᠣᠯᠢᠯᠴᠠᠭᠠᠨ ᠤ ᠲᠠᠪᠴᠠᠩ ᠢ ᠦᠷᠭᠦᠯᠵᠢᠯᠡᠨ ᠡᠭᠦᠳᠴᠦ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠢ ᠵᠣᠷᠢᠭᠵᠢᠭᠤᠯᠵᠤ᠂ ᠥᠪᠡᠷ ᠤᠨ ᠠᠪᠢᠶᠠᠰ ᠴᠢᠳᠠᠪᠤᠷᠢ ᠪᠣᠯᠤᠨ ᠦᠷ᠎ᠡ ᠪᠦᠲᠦᠭᠡᠯ ᠢᠶᠠᠨ ᠭᠦᠢᠴᠡᠳ ᠢᠯᠡᠷᠡᠭᠦᠯᠵᠦ᠂ ᠤᠳᠬ᠎ᠠ ᠵᠣᠬᠢᠶᠠᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠪᠤᠢ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号