ᠦᠨᠳᠦᠰᠦᠲᠡᠨ ᠤ ᠪᠦᠯᠬᠦᠮᠳᠡᠯ ᠢ ᠪᠠᠳᠤᠳᠬᠠᠭᠰᠠᠨ ᠦᠨᠳᠦᠰᠦᠨ ᠱᠠᠲᠤᠨ ᠤ ᠺᠠᠳ᠋ᠷ ᠭᠤᠩᠴᠤᠭ
ᠨᠡᠶᠢᠲᠡᠯᠡᠭᠰᠡᠨ ᠴᠠᠭ᠄
2024/9/27
     ᠪᠠᠶᠠᠨᠲᠠᠯ᠎ᠠ ᠪᠠᠯᠭᠠᠰᠤᠨ ᠤ ᠤᠯᠠᠭᠠᠨᠲᠤᠭ ᠭᠠᠴᠠᠭᠠᠨ ᠤ ᠤᠤᠯ ᠤᠨ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠭᠤᠩᠴᠤᠭ ᠨᠠᠰᠤᠲᠠᠨ ᠪᠤᠯ ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠪᠡᠷ ᠤᠨ ᠪᠤᠳᠠᠳᠦ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠳᠤ ᠤᠷᠤᠯᠴᠠᠨ ᠮᠡᠷᠡᠶᠢᠵᠤ ᠶᠠᠪᠣᠬᠰᠠᠨ ᠦᠨᠳᠦᠰᠦᠨ ᠱᠠᠲᠤᠨ ᠤ ᠺᠠᠳ᠋ᠷ ᠪᠣᠯᠤᠨ᠎ᠠ᠃     ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠤᠯᠠᠭᠠᠨᠲᠤᠭ ᠭᠠᠴᠠᠭ᠎ᠠ ᠪᠣᠯ ᠮᠣᠩᠭᠤᠯ ᠬᠢᠲᠠᠳ ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠭᠠᠴᠠᠭ᠎ᠠ ᠪᠣᠯᠤᠨ᠎ᠠ᠃ 1975 ᠣᠨ ᠠᠴᠠ 2005 ᠤᠨ ᠪᠣᠯᠲᠠᠯ᠎ᠠ᠂ ᠭᠤᠩᠴᠤᠭ ᠤᠷᠢᠳ ᠬᠤᠵᠢᠳ ᠤᠯᠠᠭᠠᠨᠲᠤᠭ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠪᠠ᠃ ᠣᠯᠠᠨ ᠵᠢᠯ ᠤᠨ ᠲᠤᠷᠰᠢ᠂ ᠲᠡᠷᠡ ᠢᠮᠠᠭᠲᠠ ᠦᠨᠳᠦᠰᠦᠲᠡᠨ ᠤ ᠪᠦᠯᠬᠦᠮᠳᠡᠯ ᠢ ᠪᠠᠳᠤᠳᠬᠠᠬᠤ ᠠᠵᠢᠯ ᠢ ᠠᠯᠢᠪᠠ ᠠᠵᠢᠯ ᠤᠨ ᠦᠨᠳᠦᠰᠦ ᠰᠠᠭᠤᠷᠢ ᠪᠣᠯᠭᠠᠨ ᠠᠳᠬᠤᠵᠤ᠂ ᠠᠷᠠᠳ ᠤᠯᠠᠨ ᠢᠶᠠᠨ ᠳᠠᠶᠢᠴᠢᠯᠠᠨ ᠠᠵᠢᠯ ᠦᠢᠯᠡᠰ ᠢᠶᠠᠨ ᠴᠤᠭᠴᠠᠯᠠᠵᠤ᠂ ᠪᠤᠳᠠᠳᠦ ᠦᠷ᠎ᠡ ᠪᠦᠲᠦᠭᠡᠯ ᠭᠠᠷᠭᠠᠭᠰᠠᠨ ᠢᠶᠠᠷ 1988 ᠣᠨ ᠳᠤ ᠭᠤᠩᠴᠤᠭ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠦᠨ ᠎ ᠤ ᠢᠷᠠᠭᠤ ᠠᠯᠳᠠᠷ ᠢ ᠬᠦᠷᠲᠡᠵᠦ ᠂ ᠤᠯᠠᠭᠠᠨᠲᠤᠭ ᠭᠠᠴᠠᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠠᠴᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ ᠨᠢᠬᠡᠴᠡ︾᠎ ᠪᠠᠷ ᠦᠨᠡᠯᠡᠭᠰᠡᠨ ᠪᠠᠶᠢᠨ᠎ᠠ᠃     ᠭᠤᠩᠴᠤᠭ ᠨᠠᠰᠤᠲᠠᠨ ᠤ ᠬᠡᠷ ᠲᠤ ᠬᠦᠷᠬᠦ ᠳᠤ᠂ ᠨᠠᠰᠤᠲᠠᠨ ᠭᠠᠴᠠᠭᠠᠨ ᠤ ᠮᠠᠯᠴᠢᠳ ᠲᠠᠢ ᠬᠠᠭᠤᠴᠢ ᠬᠦᠭᠡᠷᠦᠵᠤ᠂ ᠭᠠᠴᠠᠭᠠᠨ ᠤ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠷᠢᠯᠴᠠᠵᠤ ᠪᠠᠶᠢᠯ᠎ᠠ ᠃ ᠨᠠᠰᠤᠲᠠᠨ ᠨᠠᠰᠤ ᠠᠬᠢᠵᠤ ᠵᠠᠷᠢᠮ ᠦᠶ᠎ᠡ ᠳᠤ ᠦᠭᠡ ᠶᠠᠷᠢᠶ᠎ᠠ ᠰᠤᠯᠢᠬᠤ ᠳᠤ ᠳᠦᠬᠦᠮ ᠦᠭᠡᠢ ᠪᠠᠶᠢᠭᠰᠠᠨ ᠴᠤ ᠭᠠᠴᠠᠭᠠᠨ ᠤ ᠬᠢᠨᠢ ᠤᠯᠠᠨ ᠲᠦᠮᠡᠨ ᠤᠤᠯ ᠶᠤᠰᠤᠭᠠᠷ ᠬᠦᠨᠳᠦᠯᠡᠨ ᠵᠤᠯᠭᠠᠵᠤ ᠶᠠᠷᠢᠯᠴᠠᠨ ᠵᠤᠭᠤᠭᠳᠠᠬᠤ ᠳᠤᠷᠠᠲᠠᠢ᠃ ︽ᠪᠢ ᠪᠠᠭ᠎ᠠ ᠠᠴᠠ ᠎ ᠪᠠᠨ ᠦᠨᠣᠴᠢᠨ ᠦᠰᠦᠭᠰᠡᠨ︔ ᠭᠤᠩᠴᠤᠭ ᠱᠦᠵᠢ ᠪᠢᠳᠠᠨ ᠢ ᠰᠠᠶᠢᠨ ᠬᠠᠷᠠᠭᠠᠯᠵᠠᠳᠠᠭ︔ ᠮᠠᠨ ᠤ ᠭᠠᠴᠠᠭᠠᠨ ᠤ ᠠᠷᠠᠳ ᠤᠯᠠᠨ ᠤ ᠪᠦᠯᠬᠦᠮᠳᠠᠯ ᠴᠤ ᠰᠠᠶᠢᠨ︔ ᠪᠢᠳᠡ ᠮᠣᠩᠭᠤᠯ ᠬᠢᠳᠠᠳ ᠭᠡᠵᠤ ᠶᠡᠷᠦ ᠠᠴᠠ ᠢᠯᠭᠠᠳᠠᠭ ᠦᠬᠡᠢ︾ ᠭᠡᠵᠤ ᠣᠯᠠᠭᠠᠨᠳᠤᠭ ᠭᠠᠴᠠᠭᠠᠨ ᠤ  ᠮᠠᠯᠴᠢᠨ ᠦ᠋ ᠶᠢᠨ ᠶᠤᠸᠠᠨ ᠶᠠᠷᠢᠯ᠎ᠠ᠃     ᠭᠤᠩᠴᠤᠭ ᠨᠠᠮ ᠤᠨ ᠭᠡᠰᠢᠭᠦᠨ ᠤ ᠨᠢᠭᠡ ᠨᠠᠰᠤ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ᠂ ᠨᠠᠰᠤᠨ ᠲᠤᠷᠰᠢᠳᠠ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ ᠬᠠᠶᠢᠷ᠎ᠠ ᠰᠡᠳᠬᠢᠯᠭᠡ ᠶᠢ ᠪᠢᠴᠢᠭᠯᠡᠵᠦ᠂ ᠦᠨᠳᠦᠰᠦᠨ ᠱᠠᠲᠤᠨ ᠤ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠠᠯᠢᠪᠠ ᠪᠠᠨ ᠵᠣᠷᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠎ ᠲᠤ ᠵᠢᠳᠬᠦᠵᠠᠢ᠃ ᠭᠤᠩᠴᠤᠭ ᠨᠠᠰᠣᠳᠠᠨ 1987 ᠤᠨ ᠳᠤ ᠪᠦᠬᠦ ᠠᠶᠢᠮᠠᠭ ᠤᠨ ᠳᠦᠷᠪᠡᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠳᠠ ᠶᠢᠨ ᠳᠤᠮᠳᠠ ᠦᠨᠲᠦᠰᠦᠲᠡᠨ ᠤ ᠪᠦᠯᠭᠦᠮᠳᠠᠯ ᠢ ᠠᠬᠢᠭᠤᠯᠣᠬᠰᠠᠨ ᠰᠢᠯᠢᠳᠡᠭ ᠬᠢᠷᠢ ᠪᠦᠲᠦᠮᠵᠢ ᠭᠠᠷᠭᠠᠬᠰᠠᠨ ᠱᠠᠩᠨᠠᠯ ᠢ ᠬᠦᠷᠳᠡᠵᠣ᠂1989 ᠤᠨ ᠳᠤ ᠪᠦᠬᠦ ᠠᠶᠢᠮᠠᠭ ᠤᠨ ᠰᠢᠯᠢᠳᠡᠭ ᠡᠪ ᠬᠠᠮᠲᠦ ᠨᠠᠮ ᠤᠨ ᠭᠡᠰᠢᠭᠦᠨ ᠢᠶᠠᠷ ᠦᠨᠡᠯᠡᠭᠳᠡᠵᠠᠢ᠃ ᠭᠤᠩᠴᠤᠭ ᠨᠠᠰᠤᠲᠠᠨ ᠪᠠᠰᠠ ᠡᠩᠭᠡᠷ ᠲᠤ ᠪᠠᠨ ᠵᠡᠬᠦᠭᠰᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤᠷᠠᠰᠬᠠᠯ ᠤᠨ ᠲᠡᠮᠳᠡᠭ ᠪᠤᠯᠤᠨ ᠨᠠᠮ ᠪᠠᠶᠢᠭᠤᠯᠣᠬᠳᠠᠬᠰᠠᠨ 50 ᠵᠢᠯ ᠤᠨ ᠳᠤᠷᠠᠰᠬᠠᠯ ᠤᠨ ᠲᠡᠮᠳᠡᠭ ᠢᠶᠠᠨ ᠪᠢᠳᠡᠨ ᠳᠤ ᠪᠠᠭ᠋ᠠᠷᠬᠠᠨ ᠦᠵᠡᠬᠦᠯᠵᠤ ᠪᠢᠯᠡ᠃     ᠡᠨᠡ ᠵᠢᠯ 76 ᠨᠠᠰᠤᠲᠠᠢ ᠭᠤᠩᠴᠤᠭ ᠪᠣᠳᠠᠳᠣ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠲᠦ ᠴᠡᠭᠡᠵᠢᠯᠡᠵᠤ᠂ ᠡᠬᠡᠯ ᠵᠢᠷ ᠤᠨ ᠦᠨᠳᠦᠰᠦᠨ ᠱᠠᠲᠤᠨ ᠤ ᠠᠵᠢᠯ ᠤᠨ ᠪᠠᠶᠢᠷᠢᠨ ᠳᠡᠭᠡᠷ᠎ᠡ ᠨᠢᠭᠡ ᠨᠠᠰᠤ ᠪᠠᠷ ᠢᠶᠠᠨ ᠠᠷᠠᠳ ᠤᠯᠠᠨ ᠳᠤ ᠦᠢᠯᠡᠴᠢᠯᠡᠬᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠵᠡᠷᠭᠡ ᠤᠯᠠᠨ ᠠᠵᠢᠯ ᠳᠤ ᠮᠡᠷᠡᠶᠢᠨ ᠵᠢᠳᠬᠦᠵᠤ᠂ ᠨᠠᠮ ᠤᠨ ᠬᠡᠰᠢᠬᠦᠨ ᠤ ᠡᠬᠦᠷᠭᠡ ᠬᠠᠷᠢᠭᠤᠴᠠᠯᠭ᠎ᠠ ᠪᠠᠨ ᠤᠰᠤᠯᠳᠤᠯ ᠦᠭᠡᠢ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号