ᠪᠠᠶᠠᠨᠲᠠᠯ᠎ᠠ ᠪᠠᠯᠭᠠᠰᠤᠨ ᠤ ᠤᠯᠠᠭᠠᠨᠲᠤᠭ ᠭᠠᠴᠠᠭᠠᠨ ᠤ ᠤᠤᠯ ᠤᠨ ᠭᠠᠴᠠᠭᠠᠨ ᠤ ᠨᠠᠮ ᠤᠨ ᠡᠭᠦᠷ ᠤᠨ ᠱᠦᠵᠢ᠂ | ᠭᠠᠴᠠᠭᠠᠨ ᠳᠠᠷᠤᠭ᠎ᠠ ᠭᠤᠩᠴᠤᠭ ᠨᠠᠰᠤᠲᠠᠨ ᠪᠤᠯ ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠥᠪᠡᠷ ᠤᠨ ᠪᠤᠳᠠᠳᠦ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠠᠵᠢᠯ ᠳᠤ ᠤᠷᠤᠯᠴᠠᠨ ᠮᠡᠷᠡᠶᠢᠵᠤ ᠶᠠᠪᠣᠬᠰᠠᠨ ᠦᠨᠳᠦᠰᠦᠨ ᠱᠠᠲᠤᠨ ᠤ ᠺᠠᠳ᠋ᠷ ᠪᠣᠯᠤᠨ᠎ᠠ᠃ | ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠤᠯᠠᠭᠠᠨᠲᠤᠭ ᠭᠠᠴᠠᠭ᠎ᠠ ᠪᠣᠯ ᠮᠣᠩᠭᠤᠯ ᠬᠢᠲᠠᠳ | ᠦᠨᠳᠦᠰᠦᠲᠡᠨ ᠬᠤᠯᠢᠯᠳᠤᠨ ᠰᠠᠭᠤᠷᠢᠰᠢᠭᠰᠠᠨ ᠭᠠᠴᠠᠭ᠎ᠠ ᠪᠣᠯᠤᠨ᠎ᠠ᠃ 1975 ᠣᠨ ᠠᠴᠠ 2005 ᠤᠨ ᠪᠣᠯᠲᠠᠯ᠎ᠠ᠂ | ᠭᠤᠩᠴᠤᠭ ᠤᠷᠢᠳ ᠬᠤᠵᠢᠳ ᠤᠯᠠᠭᠠᠨᠲᠤᠭ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠶᠢᠨ | ᠲᠤᠰᠢᠶᠠᠯ ᠢ ᠬᠠᠷᠢᠭᠤᠴᠠᠵᠤ ᠪᠠᠶᠢᠪᠠ᠃ ᠣᠯᠠᠨ ᠵᠢᠯ ᠤᠨ ᠲᠤᠷᠰᠢ᠂ ᠲᠡᠷᠡ ᠢᠮᠠᠭᠲᠠ ᠦᠨᠳᠦᠰᠦᠲᠡᠨ ᠤ ᠪᠦᠯᠬᠦᠮᠳᠡᠯ ᠢ | ᠪᠠᠳᠤᠳᠬᠠᠬᠤ ᠠᠵᠢᠯ ᠢ ᠠᠯᠢᠪᠠ ᠠᠵᠢᠯ ᠤᠨ ᠦᠨᠳᠦᠰᠦ ᠰᠠᠭᠤᠷᠢ ᠪᠣᠯᠭᠠᠨ ᠠᠳᠬᠤᠵᠤ᠂ ᠠᠷᠠᠳ ᠤᠯᠠᠨ ᠢᠶᠠᠨ ᠳᠠᠶᠢᠴᠢᠯᠠᠨ | ᠠᠵᠢᠯ ᠦᠢᠯᠡᠰ ᠢᠶᠠᠨ ᠴᠤᠭᠴᠠᠯᠠᠵᠤ᠂ ᠪᠤᠳᠠᠳᠦ ᠦᠷ᠎ᠡ ᠪᠦᠲᠦᠭᠡᠯ ᠭᠠᠷᠭᠠᠭᠰᠠᠨ ᠢᠶᠠᠷ 1988 ᠣᠨ ᠳᠤ ᠭᠤᠩᠴᠤᠭ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠤᠪᠢ ᠬᠥᠮᠦᠨ ᠤ ᠢᠷᠠᠭᠤ ᠠᠯᠳᠠᠷ ᠢ | ᠬᠦᠷᠲᠡᠵᠦ ᠂ ᠤᠯᠠᠭᠠᠨᠲᠤᠭ ᠭᠠᠴᠠᠭ᠎ᠠ ᠶᠢ ᠲᠥᠷᠥ ᠶᠢᠨ ᠶᠠᠪᠤᠳᠠᠯ ᠤᠨ ᠬᠤᠷᠢᠶᠠᠨ ᠠᠴᠠ ︽ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠲᠡᠷᠢᠭᠦᠨ ᠤ ᠬᠠᠮᠲᠤ ᠨᠢᠬᠡᠴᠡ︾ ᠪᠠᠷ ᠦᠨᠡᠯᠡᠭᠰᠡᠨ ᠪᠠᠶᠢᠨ᠎ᠠ᠃ | ᠭᠤᠩᠴᠤᠭ ᠨᠠᠰᠤᠲᠠᠨ ᠤ ᠬᠡᠷ ᠲᠤ ᠬᠦᠷᠬᠦ ᠳᠤ᠂ ᠨᠠᠰᠤᠲᠠᠨ ᠭᠠᠴᠠᠭᠠᠨ ᠤ ᠮᠠᠯᠴᠢᠳ ᠲᠠᠢ ᠬᠠᠭᠤᠴᠢ ᠬᠦᠭᠡᠷᠦᠵᠤ᠂ | ᠭᠠᠴᠠᠭᠠᠨ ᠤ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠶᠠᠷᠢᠯᠴᠠᠵᠤ ᠪᠠᠶᠢᠯ᠎ᠠ | ᠃ ᠨᠠᠰᠤᠲᠠᠨ ᠨᠠᠰᠤ ᠠᠬᠢᠵᠤ ᠵᠠᠷᠢᠮ ᠦᠶ᠎ᠡ ᠳᠤ ᠦᠭᠡ ᠶᠠᠷᠢᠶ᠎ᠠ ᠰᠤᠯᠢᠬᠤ ᠳᠤ ᠳᠦᠬᠦᠮ ᠦᠭᠡᠢ ᠪᠠᠶᠢᠭᠰᠠᠨ ᠴᠤ ᠭᠠᠴᠠᠭᠠᠨ ᠤ | ᠬᠢᠨᠢ ᠤᠯᠠᠨ ᠲᠦᠮᠡᠨ ᠤᠤᠯ ᠶᠤᠰᠤᠭᠠᠷ ᠬᠦᠨᠳᠦᠯᠡᠨ ᠵᠤᠯᠭᠠᠵᠤ ᠶᠠᠷᠢᠯᠴᠠᠨ ᠵᠤᠭᠤᠭᠳᠠᠬᠤ ᠳᠤᠷᠠᠲᠠᠢ᠃ ︽ᠪᠢ ᠪᠠᠭ᠎ᠠ ᠠᠴᠠ | ᠪᠠᠨ ᠦᠨᠣᠴᠢᠨ ᠦᠰᠦᠭᠰᠡᠨ︔ ᠭᠤᠩᠴᠤᠭ ᠱᠦᠵᠢ ᠪᠢᠳᠠᠨ ᠢ ᠰᠠᠶᠢᠨ ᠬᠠᠷᠠᠭᠠᠯᠵᠠᠳᠠᠭ︔ ᠮᠠᠨ ᠤ ᠭᠠᠴᠠᠭᠠᠨ ᠤ ᠠᠷᠠᠳ | ᠤᠯᠠᠨ ᠤ ᠪᠦᠯᠬᠦᠮᠳᠠᠯ ᠴᠤ ᠰᠠᠶᠢᠨ︔ ᠪᠢᠳᠡ ᠮᠣᠩᠭᠤᠯ ᠬᠢᠳᠠᠳ ᠭᠡᠵᠤ ᠶᠡᠷᠦ ᠠᠴᠠ ᠢᠯᠭᠠᠳᠠᠭ ᠦᠬᠡᠢ︾ ᠭᠡᠵᠤ | ᠣᠯᠠᠭᠠᠨᠳᠤᠭ ᠭᠠᠴᠠᠭᠠᠨ ᠤ ᠮᠠᠯᠴᠢᠨ ᠦ᠋ ᠶᠢᠨ ᠶᠤᠸᠠᠨ ᠶᠠᠷᠢᠯ᠎ᠠ᠃ | ᠭᠤᠩᠴᠤᠭ ᠨᠠᠮ ᠤᠨ ᠭᠡᠰᠢᠭᠦᠨ ᠤ ᠨᠢᠭᠡ ᠨᠠᠰᠤ ᠪᠠᠷ ᠢᠶᠠᠨ ᠨᠠᠮ ᠳᠠᠭᠠᠨ ᠦᠨᠡᠨᠴᠢ ᠰᠢᠳᠤᠷᠭᠤ᠂ ᠨᠠᠰᠤᠨ ᠲᠤᠷᠰᠢᠳᠠ | ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠬᠦ ᠬᠠᠶᠢᠷ᠎ᠠ ᠰᠡᠳᠬᠢᠯᠭᠡ ᠶᠢ ᠪᠢᠴᠢᠭᠯᠡᠵᠦ᠂ ᠦᠨᠳᠦᠰᠦᠨ ᠱᠠᠲᠤᠨ ᠤ ᠡᠭᠡᠯ | ᠵᠢᠷ ᠤᠨ ᠠᠵᠢᠯ ᠤᠨ ᠪᠠᠶᠢᠷᠢ ᠳᠡᠭᠡᠷ᠎ᠡ ᠠᠯᠢᠪᠠ ᠪᠠᠨ ᠵᠣᠷᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ | ᠲᠤ ᠵᠢᠳᠬᠦᠵᠠᠢ᠃ ᠭᠤᠩᠴᠤᠭ ᠨᠠᠰᠣᠳᠠᠨ 1987 ᠤᠨ ᠳᠤ ᠪᠦᠬᠦ ᠠᠶᠢᠮᠠᠭ ᠤᠨ ᠳᠦᠷᠪᠡᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠳᠠ ᠶᠢᠨ ᠳᠤᠮᠳᠠ ᠦᠨᠲᠦᠰᠦᠲᠡᠨ ᠤ ᠪᠦᠯᠭᠦᠮᠳᠠᠯ ᠢ ᠠᠬᠢᠭᠤᠯᠣᠬᠰᠠᠨ ᠰᠢᠯᠢᠳᠡᠭ ᠬᠢᠷᠢ ᠪᠦᠲᠦᠮᠵᠢ | ᠭᠠᠷᠭᠠᠬᠰᠠᠨ ᠱᠠᠩᠨᠠᠯ ᠢ ᠬᠦᠷᠳᠡᠵᠣ᠂1989 ᠤᠨ ᠳᠤ ᠪᠦᠬᠦ ᠠᠶᠢᠮᠠᠭ ᠤᠨ ᠰᠢᠯᠢᠳᠡᠭ ᠡᠪ ᠬᠠᠮᠲᠦ ᠨᠠᠮ ᠤᠨ ᠭᠡᠰᠢᠭᠦᠨ ᠢᠶᠠᠷ | ᠦᠨᠡᠯᠡᠭᠳᠡᠵᠠᠢ᠃ ᠭᠤᠩᠴᠤᠭ ᠨᠠᠰᠤᠲᠠᠨ ᠪᠠᠰᠠ ᠡᠩᠭᠡᠷ ᠲᠤ ᠪᠠᠨ ᠵᠡᠬᠦᠭᠰᠡᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠳᠤᠷᠠᠰᠬᠠᠯ ᠤᠨ ᠲᠡᠮᠳᠡᠭ ᠪᠤᠯᠤᠨ ᠨᠠᠮ ᠪᠠᠶᠢᠭᠤᠯᠣᠬᠳᠠᠬᠰᠠᠨ | 50 ᠵᠢᠯ ᠤᠨ ᠳᠤᠷᠠᠰᠬᠠᠯ ᠤᠨ ᠲᠡᠮᠳᠡᠭ ᠢᠶᠠᠨ ᠪᠢᠳᠡᠨ ᠳᠤ ᠪᠠᠭ᠋ᠠᠷᠬᠠᠨ ᠦᠵᠡᠬᠦᠯᠵᠤ ᠪᠢᠯᠡ᠃ | ᠡᠨᠡ ᠵᠢᠯ 76 ᠨᠠᠰᠤᠲᠠᠢ ᠭᠤᠩᠴᠤᠭ ᠪᠣᠳᠠᠳᠣ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠪᠠᠲᠦ ᠴᠡᠭᠡᠵᠢᠯᠡᠵᠤ᠂ ᠡᠬᠡᠯ ᠵᠢᠷ ᠤᠨ ᠦᠨᠳᠦᠰᠦᠨ ᠱᠠᠲᠤᠨ ᠤ | ᠠᠵᠢᠯ ᠤᠨ ᠪᠠᠶᠢᠷᠢᠨ ᠳᠡᠭᠡᠷ᠎ᠡ ᠨᠢᠭᠡ ᠨᠠᠰᠤ ᠪᠠᠷ ᠢᠶᠠᠨ ᠠᠷᠠᠳ ᠤᠯᠠᠨ ᠳᠤ ᠦᠢᠯᠡᠴᠢᠯᠡᠬᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠵᠡᠷᠭᠡ ᠤᠯᠠᠨ ᠠᠵᠢᠯ ᠳᠤ ᠮᠡᠷᠡᠶᠢᠨ ᠵᠢᠳᠬᠦᠵᠤ᠂ ᠨᠠᠮ ᠤᠨ ᠬᠡᠰᠢᠬᠦᠨ ᠤ ᠡᠬᠦᠷᠭᠡ | ᠬᠠᠷᠢᠭᠤᠴᠠᠯᠭ᠎ᠠ ᠪᠠᠨ ᠤᠰᠤᠯᠳᠤᠯ ᠦᠭᠡᠢ ᠪᠡᠶᠡᠯᠡᠬᠦᠯᠦᠭᠰᠡᠨ ᠪᠠᠶᠢᠨ᠎ᠠ᠃ |